ᠦᠨᠳᠦᠰᠦᠲᠡᠨ ᠤ ᠪᠦᠯᠬᠦᠮᠳᠡᠯ ᠤᠨ ᠮᠡᠳᠡᠯᠭᠡ 100 ᠰᠡᠳᠦᠪ
ᠨᠡᠶᠢᠲᠡᠯᠡᠭᠰᠡᠨ ᠴᠠᠭ᠄
2021/5/28
* ᠶᠠᠭᠤ ᠶᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠭᠡᠳᠡᠭ ᠪᠤᠢ᠄ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠣᠯ ᠤᠯᠤᠰ ᠤᠨ ᠨᠢᠭᠡᠳᠦᠯᠲᠡᠶ ᠤᠳᠤᠷᠢᠳᠤᠯᠭ᠎ᠠ ᠶᠢᠨ ᠳᠣᠣᠷ᠎ᠠ᠂ ᠴᠥᠭᠡᠨ ᠲᠣᠭᠠᠲᠤ ᠦᠨᠳᠦᠰᠦᠲᠡᠨ ᠨᠦᠭᠦᠳ ᠤᠨ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠳᠤ ᠥᠪᠡᠷᠲᠡᠭᠡᠨ ᠵᠠᠰᠠᠬᠤ ᠪᠠᠶᠢᠭᠤᠯᠭ᠎ᠠ ᠪᠠᠶᠢᠭᠤᠯᠵᠤ᠂ ᠥᠪᠡᠷᠲᠡᠭᠡᠨ ᠵᠠᠰᠠᠬᠤ ᠡᠷᠬᠡ ᠶᠢ ᠬᠡᠷᠡᠭᠵᠢᠭᠦᠯᠦᠨ᠂ ᠣᠷᠣᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠬᠦ ᠶᠠᠪᠤᠳᠠᠯ ᠪᠣᠯᠤᠨ᠎ᠠ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠣᠯ ᠮᠠᠨ ᠤ ᠨᠠᠮ ᠤᠨ ᠦᠨᠳᠦᠰᠦᠲᠡᠨ ᠤ ᠠᠰᠠᠭᠤᠳᠠᠯ ᠢ ᠰᠢᠶ᠋ᠳᠪᠦᠷᠢᠯᠡᠬᠦ ᠦᠨᠳᠦᠰᠦᠨ ᠲᠦᠷᠦ ᠶᠢᠨ ᠪᠤᠳᠤᠯᠭ᠎ᠠ ᠮᠥᠨ᠂ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠨᠢᠭᠡᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠮᠥᠨ᠃ * ᠬᠤᠲᠠ ᠶᠢᠨ ᠦᠨᠳᠦᠰᠦᠲᠡᠨ ᠤ ᠠᠵᠢᠯ ᠭᠡᠵᠦ ᠶᠠᠭᠤ ᠪᠤᠢ᠄ ᠡᠨᠡ ᠨᠢ ᠬᠤᠳᠠ ᠶᠢᠨ ᠴᠥᠭᠡᠨ ᠲᠣᠭᠠᠲᠤ ᠦᠨᠳᠦᠰᠦᠲᠡᠨ ᠢᠶᠠᠷ ᠭᠤᠣᠯ ᠡᠲᠡᠭᠡᠳ ᠢᠶᠠᠨ ᠪᠣᠯᠭᠠᠭᠰᠠᠨ ᠦᠨᠳᠦᠰᠦᠲᠡᠨ ᠤ ᠠᠵᠢᠯ ᠵᠢᠴᠢ ᠬᠤᠳᠠ ᠶᠢᠨ ᠴᠢᠳᠠᠮᠵᠢ ᠲᠠᠢ ᠬᠤᠯᠪᠣᠭᠳᠠᠭᠰᠠᠨ ᠦᠨᠳᠦᠰᠦᠲᠡᠨ ᠤ ᠠᠵᠢᠯ ᠢ ᠵᠢᠭᠠᠵᠤ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ