* ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠡᠭᠦᠷᠭᠡ | ︵1︶ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠵᠦ᠂ ᠠᠯᠬᠤᠮ ᠠᠯᠬᠤᠮ ᠢᠶᠠᠷ ᠪᠦᠬᠦ ᠤᠯᠤᠰ ᠤᠨ | ᠬᠥᠭᠵᠢᠯᠲᠡ ᠲᠠᠢ ᠵᠣᠬᠢᠴᠠᠭᠤᠯᠤᠨ᠎ᠠ᠃ | ︵2︶ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠨᠡᠶᠢᠭᠡᠮ ᠤᠨ ᠦᠢᠯᠡᠰ ᠢ ᠶᠡᠭᠡ ᠪᠠᠷ ᠬᠥᠭᠵᠢᠭᠦᠯᠵᠦ᠂ | ᠦᠨᠳᠦᠰᠦᠲᠡᠨ ᠨᠦᠭᠦᠳ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠤᠨ᠎ᠠ᠃ | ︵3︶ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠣᠷᠣᠨ ᠤ ᠥᠪᠡᠷ ᠢ ᠪᠠᠨ ᠬᠥᠭᠵᠢᠭᠦᠯᠬᠦ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ︵4︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠬᠠᠤᠯᠢ︾ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠴᠥᠭᠡᠨ ᠲᠣᠭᠠᠲᠤ ᠦᠨᠳᠦᠰᠦᠲᠡᠨ ᠤ ᠺᠠᠳ᠋ᠷᠴᠤᠳ ᠢ ᠶᠡᠬᠡᠪᠡᠷ ᠬᠥᠮᠦᠵᠢᠭᠦᠯᠵᠦ᠂ ᠡᠷᠬᠡᠪᠰᠢ ︽ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠬᠡᠷᠡᠭᠵᠢᠭᠦᠯᠬᠦ ᠲᠠᠢ ᠢᠵᠢ ᠪᠦᠷᠢᠳᠦᠭᠰᠡᠨ ᠬᠠᠤᠯᠢ ᠲᠦᠷᠢᠮ ᠤᠨ ᠰᠢᠰᠲ᠋ᠧᠮ ᠪᠠ ᠬᠢᠨᠠᠯᠲᠠ | ᠲᠠᠯᠪᠢᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠬᠠᠤᠯᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠶ᠃ | ︵5︶ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠤᠯᠠᠮ ᠴᠢᠩᠭᠠᠳᠬᠠᠵᠤ᠂ ᠡᠬᠡ ᠣᠷᠣᠨ ᠤ ᠨᠢᠭᠡᠳᠦᠯ ᠢ ᠡᠷᠡᠰ ᠬᠠᠮᠠᠭᠠᠯᠠᠵᠤ᠂ ᠡᠷᠬᠡ ᠲᠡᠭᠰᠢ᠂ | ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠤ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ ᠬᠢᠯᠢ ᠶᠢᠨ ᠭᠠᠳᠠᠨᠠᠬᠢ | ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠨ ᠡᠷᠡᠰ ᠡᠰᠡᠷᠭᠦᠴᠡᠨ ᠬᠤᠷᠢᠭᠯᠠᠵᠤ᠂ ᠦᠨᠳᠦᠰᠦᠲᠡᠨ ᠤ | ᠬᠠᠭᠠᠴᠠᠭᠤᠯᠬᠤ ᠦᠵᠡᠯ ᠪᠠ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠤᠭ ᠲᠡᠮᠳᠡᠭ ᠲᠣᠳᠣᠷᠬᠠᠶ ᠪᠠᠷ ᠡᠰᠡᠷᠭᠦᠴᠡᠬᠦ ᠬᠡᠷᠡᠭᠲᠡᠶ᠃ | * ᠦᠨᠳᠦᠰᠦᠲᠡᠨ ᠤ ᠠᠵᠢᠯ ᠤᠨ ᠳᠤᠮᠳᠠ ᠨᠠᠮ ᠪᠠ ᠤᠯᠤᠰ ᠠᠴᠠ ᠴᠢᠬᠤᠯᠠᠴᠢᠯᠠᠭᠰᠠᠨ ︽ᠲᠠᠪᠤ ᠶᠢ ᠬᠠᠮᠠᠭᠠᠯᠠᠬᠤ︾᠄ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ᠂ ᠨᠡᠶᠢᠭᠡᠮ ᠵᠢᠷᠤᠮ ᠤᠨ ᠬᠠᠤᠯᠢ ᠲᠦᠷᠢᠮ ᠢ ᠬᠠᠮᠠᠭᠠᠯᠠᠬᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ᠂ ᠡᠭᠡ ᠣᠷᠣᠨ ᠤ | ᠨᠢᠭᠡᠳᠦᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠃ | | |