ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/5/31
      5 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠣᠣ ᠽᠢ ᠪᠢᠨ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠬᠤᠲᠠ ᠶᠢᠨ ᠭᠠᠳᠠᠭᠠᠳᠤ ᠤᠬᠠᠭᠤᠯᠭ᠎ᠠ ᠶᠢᠨ ᠰᠣᠨᠢᠨ ᠮᠡᠳᠡᠭᠡᠨ ᠤ ᠠᠯᠪᠠᠨ ᠬᠡᠷ ᠤᠨ ᠡᠷᠬᠢᠯᠡᠭᠴᠢ  ᠰᠦ᠋ ᠴᠠᠩ ᠯᠢᠶᠠᠩ ᠬᠤᠷᠠᠯ ᠳᠤ ᠣᠷᠣᠯᠴᠠᠵᠤ ᠫᠠᠶᠢᠰᠠ ᠰᠡᠬᠦᠪᠡ᠃ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠪᠦᠬᠦ ᠬᠥᠮᠦᠰ ᠣᠷᠣᠯᠴᠠᠪᠠ᠃       ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠷᠠᠭ᠎ᠠ᠂ ᠬᠤᠳᠠ ᠶᠢᠨ ᠨᠠᠮ ᠤᠨ  ᠬᠤᠷᠢᠶ᠎ᠠ ᠶᠢᠨ ᠯᠧᠺᠲ᠋ᠣᠷ ᠤᠨ ᠪᠦᠯᠬᠦᠮ ᠤᠨ ᠭᠤᠣᠯ ᠡᠭᠦᠷᠭᠡ ᠬᠠᠷᠢᠭᠤᠴᠠᠯᠭ᠎ᠠ ᠪᠣᠯ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ  ᠬᠤᠷᠢᠶ᠎ᠠ  ᠶᠢᠨ ᠴᠢᠬᠤᠯᠠ ᠶᠡᠭᠡ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠠ ᠭᠤᠣᠯᠯᠠᠭᠴᠢ ᠬᠦᠴᠦᠨ ᠤ ᠪᠣᠯᠪᠠᠰᠤᠷᠠᠯ ᠢ ᠥᠷᠨᠢᠭᠦᠯᠦᠨ᠎ᠡ︔ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠪᠠ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠠᠵᠢᠯ ᠢ ᠬᠠᠮᠵᠢᠨ ᠥᠷᠨᠢᠭᠦᠯᠦᠨ᠎ᠡ︔ ᠤᠨᠤᠯ ᠤᠨ ᠤᠬᠠᠭᠤᠯᠭ᠎ᠠ ᠶᠢᠨ ︽ᠦᠨᠳᠦᠰᠦᠨ ᠱᠠᠲᠤᠨ ᠤ ᠶᠡᠭᠡ ᠬᠢᠴᠢᠶᠡᠯ ᠤᠨ ᠲᠠᠩᠬᠢᠮ︾ ᠢ ᠪᠠᠶᠢᠭᠤᠯᠬᠤ ᠠᠵᠢᠯ ᠢ ᠡᠭᠦᠷᠭᠡᠯᠡᠵᠦ᠂ ᠤᠨᠤᠯ ᠤᠨ ᠬᠥᠮᠦᠵᠢᠯ ᠤᠨ ᠰᠤᠷᠤᠯᠴᠠᠬᠤ  ᠮᠠᠲ᠋ᠧᠷᠢᠶᠠᠯ ᠢ ᠨᠠᠶᠢᠷᠠᠭᠤᠯᠤᠨ ᠪᠢᠴᠢᠵᠦ᠂ ᠤᠨᠤᠯ ᠤᠨ ᠬᠠᠪᠰᠤᠷᠤᠨ ᠵᠢᠯᠣᠭᠤᠳᠬᠤ ᠮᠡᠳᠡᠭᠦᠯᠦᠯᠲᠡ ᠶᠢᠨ ᠬᠤᠷᠠᠯ ᠢ ᠡᠷᠬᠢᠯᠡᠵᠦ᠂ ᠲᠣᠭᠤᠷᠢᠨ ᠤᠬᠠᠭᠤᠯᠤᠨ ᠲᠠᠶᠢᠯᠪᠤᠷᠢᠯᠠᠬᠤ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠪᠠᠶᠢᠷᠢ ᠳᠡᠭᠡᠷᠡᠬᠢ ᠤᠨᠤᠯ ᠤᠨ ᠰᠤᠷᠤᠯᠴᠠᠯᠭ᠎ᠠ  ᠶᠢ ᠠᠬᠢᠭᠤᠯᠤᠨ᠎ᠠ᠃      ᠤᠢᠢᠷ᠎ᠠ ᠶᠢᠨ ᠵᠢᠯ ᠤᠳ ᠲᠤ᠂ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠤᠨᠤᠯ ᠤᠨ ᠬᠥᠮᠦᠵᠢᠯ᠂ ᠤᠨᠤᠯ ᠤᠨ ᠤᠬᠠᠭᠤᠯᠭ᠎ᠠ ᠪᠣᠯᠤᠨ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠬᠥᠮᠦᠵᠢᠯ ᠤᠨ ᠳᠤᠮᠳᠠ ᠶᠡᠭᠡ ᠬᠡᠮᠵᠢᠶᠡᠨ ᠤ ᠠᠵᠢᠯ ᠬᠢᠵᠦ᠂ ᠢᠳᠡᠪᠬᠢ ᠦᠢᠯᠡᠳᠦᠯ ᠢᠶᠠᠨ ᠪᠠᠳᠠᠷᠠᠭᠤᠯᠪᠠ᠃ ᠢᠯᠠᠩᠭᠤᠶ᠎ᠠ ᠨᠢᠳᠤᠨᠤᠨ ᠠᠴᠠ  ᠨᠠᠭᠠᠰᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠵᠡᠷᠭᠡ ᠴᠢᠬᠤᠯᠠ ᠶᠡᠭᠡ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠡᠭᠦᠷᠭᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠯᠧᠺᠲ᠋ᠣᠷ ᠤᠨ ᠪᠦᠯᠬᠦᠮ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠣᠯᠠᠨ ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠬᠤ ᠲᠥᠰᠦᠯ ᠢ ᠲᠣᠭᠲᠠᠭᠠᠵᠤ᠂ ᠤᠨᠤᠯ ᠤᠨ ᠲᠤᠰᠬᠠᠢ ᠮᠡᠷᠭᠡᠵᠢᠯᠲᠡᠨ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ᠂ ᠨᠢᠭᠡᠳᠦᠭᠡᠷ ᠱᠦᠵᠢ᠂ ᠨᠤᠲᠤᠭ ᠤᠨ ᠴᠢᠳᠠᠪᠤᠷᠢᠲᠠᠨ ᠢ ᠵᠣᠬᠢᠶᠠᠨ ᠪᠠᠶᠢᠭᠤᠯᠵᠤ᠂ ᠪᠠᠶᠠᠨᠨᠠᠭᠤᠷ ᠤᠨ ᠤᠬᠠᠭᠤᠯᠤᠨ ᠲᠠᠶᠢᠯᠪᠤᠷᠢᠯᠠᠬᠤ ᠴᠢᠳᠠᠪᠤᠷᠢᠲᠠᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠪᠣᠳᠠᠰᠵᠢᠭᠰᠠᠨ᠂ ᠵᠦᠷᠢᠶᠡᠴᠢᠯᠡᠭᠰᠡᠨ᠂ ᠤᠯᠠᠨ ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 1500 ᠭᠠᠷᠤᠢ ᠲᠠᠯᠠᠪᠠᠢ ᠤᠳᠠᠭ᠎ᠠ ᠥᠷᠨᠢᠭᠦᠯᠵᠦ᠂ ︽ᠶᠡᠷᠦᠩᠬᠡᠢ ᠱᠦᠵᠢ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠢᠩᠭᠢᠵᠦ ᠬᠡᠯᠡᠭᠰᠡᠨ︾ ᠰᠢᠷᠢᠰ H5 ᠂ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠬᠤ︾ ᠤᠬᠠᠭᠤᠯᠤᠨ ᠲᠠᠶᠢᠯᠪᠤᠷᠢᠯᠠᠬᠤ ᠬᠢᠴᠢᠶᠡᠯ ᠢ ᠵᠣᠬᠢᠶᠠᠵᠤ᠂ ᠨᠠᠮ ᠤᠨ ᠰᠢᠨ᠎ᠡ ᠡᠭᠦᠳᠦᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠠᠢ᠃       ᠳᠠᠷᠠᠭᠠᠴᠢ ᠶᠢᠨ ᠠᠯᠬᠤᠮ ᠳᠤ᠂ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠬᠢᠨ ᠢᠮᠠᠭᠲᠠ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠤᠬᠠᠭᠤᠯᠤᠨ ᠲᠠᠶᠢᠯᠪᠤᠷᠢᠯᠠᠬᠤ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠪᠣᠳᠠᠲᠠᠢ ᠲᠠᠢ ᠤᠢᠢᠷᠠᠳᠤᠭᠰᠠᠨ᠂ ᠠᠮᠢᠳᠤᠷᠠᠯ ᠲᠠᠢ ᠤᠢᠢᠷᠠᠳᠤᠭᠰᠠᠨ᠂ ᠤᠯᠠᠨ ᠲᠦᠮᠡᠨ ᠲᠠᠢ ᠤᠢᠢᠷᠠᠳᠤᠭᠰᠠᠠ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠤᠨᠤᠯ ᠢᠶᠠᠷ ᠵᠡᠪᠰᠡᠭᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠪᠣᠯᠤᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ