ᠤᠶᠢᠷ᠎ᠠ ᠶᠢᠨ ᠡᠳᠦᠷ᠂ ᠡᠮᠦᠨᠡᠳᠦ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠨᠢ ᠪᠠᠶᠠᠨᠨᠠᠭᠤᠷ ᠬᠤᠳᠠ ᠶᠢᠨ ᠡᠳᠦᠷ ᠤᠨ ᠰᠤᠨᠢᠨ ᠤ | ᠬᠤᠷᠢᠶ᠎ᠠ ᠲᠠᠢ ᠬᠠᠮᠳᠤᠪᠠᠷ ᠮᠤᠨᠠ ᠠᠭᠤᠯᠠ ᠪᠠᠯᠭᠠᠰᠤᠨ ᠤ ᠡᠯᠡᠰᠦᠨ ᠤᠪᠤᠭ᠎ᠠ ᠲᠤᠰᠬᠤᠨ ᠳᠤ ︿︿ᠬᠤᠷᠳᠤᠨ ᠭᠠᠷ ᠵᠠᠭᠤᠨ ᠲᠤᠰᠬᠤᠨ ᠳᠤ ᠤᠷᠤᠬᠤ﹀﹀ ᠲᠠᠩᠰᠠ | ᠡᠵᠡᠩᠨᠡᠬᠦ ᠪᠠ ᠰᠢᠭᠤᠳ ᠨᠡᠪᠳᠡᠷᠡᠭᠦᠯᠬᠡ ᠪᠠᠷ ᠪᠠᠷᠠᠭ᠎ᠠ ᠲᠠᠭᠠᠭᠤᠯᠬᠤ ᠲᠠᠶᠢᠯᠤᠮᠵᠢ ᠬᠢᠪᠡ᠃ | ᠲᠠᠶᠢᠯᠤᠮᠵᠢ ᠳᠤ᠂ ᠪᠠᠶᠠᠨᠨᠠᠭᠤᠷ ᠬᠤᠳᠠ ᠶᠢᠨ ᠡᠳᠦᠷ ᠤᠨ ᠰᠤᠨᠢᠨ ᠤ ᠬᠤᠷᠢᠶ᠎ᠠ ᠶᠢᠨ ᠰᠣᠷᠪᠤᠯᠵᠢᠯᠠᠭᠴᠢ ᠬᠤᠷᠳᠤᠨ ᠭᠠᠷ ᠤᠨ ᠤᠬᠤᠷ ᠸᠢᠳᠢᠦ᠋ ᠶᠢᠨ | ᠲᠠᠨᠢᠯᠴᠠᠭᠤᠯᠭ᠎ᠠ ᠶᠢᠨ ᠲᠤᠭᠳᠠᠴᠠ᠂ ᠴᠢᠨᠠᠷ ᠰᠠᠶᠢᠳᠠᠢ ᠤᠬᠤᠷ ᠸᠢᠳᠢᠦ᠋ ᠶᠢᠨ ᠪᠦᠷᠢᠯᠳᠦᠯ ᠤᠨ ᠡᠯᠧᠮᠧᠨᠡᠲ᠂ ᠬᠡᠷᠡᠭ ᠤᠨ ᠵᠢᠱᠢᠶ᠎ᠠ ᠶᠢᠨ ᠵᠠᠳᠠᠯᠤᠯᠳᠠ ᠵᠡᠷᠭᠡ | ᠬᠤᠯᠪᠤᠭᠳᠠᠯ ᠪᠦᠬᠦᠢ ᠠᠭᠤᠯᠭ᠎ᠠ ᠶᠢᠨ ᠲᠤᠭᠤᠷᠢᠨ ᠳᠤ ᠨᠡᠷᠢᠨ ᠨᠢᠭᠳᠠ᠂ ᠬᠦᠨᠵᠡᠬᠡᠢ ᠪᠦᠬᠡᠳ ᠤᠨᠤᠪᠴᠢᠳᠠᠢ ᠲᠠᠶᠢᠯᠪᠤᠷᠢᠯᠠᠯᠳᠠ ᠬᠢᠵᠦ᠂ ᠲᠤᠰᠬᠤᠨ ᠤ ᠠᠷᠠᠳ ᠲᠤ | ᠰᠢᠭᠤᠳ ᠨᠡᠪᠳᠡᠷᠡᠭᠦᠯᠬᠡ ᠶᠢᠨ ᠠᠷᠭ᠎ᠠ ᠮᠡᠷᠭᠡᠰᠢᠯ ᠢ ᠡᠵᠡᠮᠰᠢᠬᠦᠯᠦᠭᠰᠡᠨ ᠪᠠᠷ ᠪᠠᠷᠠᠬᠤ ᠦᠬᠡᠢ ᠪᠠᠰᠠ ᠤᠯᠠᠨ ᠲᠦᠮᠡᠨ ᠤ ᠡᠯᠧᠺᠳ᠋ᠷᠤᠨ ᠬᠤᠳᠠᠯᠳᠤᠭᠠᠨ ᠤ ᠦᠢᠯᠡᠰ ᠢ | ᠡᠷᠭᠢᠯᠡᠬᠦ ᠬᠠᠯᠠᠭᠤᠨ ᠰᠡᠳᠭᠢᠯᠬᠡ ᠶᠢ ᠭᠦᠭᠵᠢᠬᠡᠵᠦ᠂ ᠨᠤᠳᠤᠭ ᠤᠨ ᠢᠶᠠᠨ ᠲᠠᠷᠢᠶᠠᠯᠠᠩ ᠤᠨ ᠪᠦᠳᠦᠬᠡᠭᠳᠡᠭᠦᠨ ᠢ ᠲᠠᠨᠢᠵᠤ᠂ ᠰᠡᠳᠬᠢᠵᠦ᠂ ᠤᠬᠠᠭᠤᠯᠵᠤ᠂ ᠪᠤᠷᠤᠯᠠᠭᠤᠯᠵᠤ | ᠂ ᠤᠨᠴᠠᠯᠢᠭᠳᠣ ᠲᠠᠷᠢᠶᠠᠯᠠᠩ ᠤᠨ ᠪᠦᠳᠦᠬᠡᠭᠳᠡᠭᠦᠨ ᠢ ᠪᠤᠷᠤᠯᠠᠭᠤᠯᠬᠤ ᠠᠷᠭ᠎ᠠ ᠵᠠᠮ ᠢ ᠦᠷᠭᠡᠳᠭᠡᠵᠦ᠂ ᠲᠤᠰᠬᠤᠨ ᠤ ᠠᠷᠠᠳ ᠢ ᠲᠠᠶᠢᠴᠢᠯᠠᠨ᠂ ᠤᠷᠤᠯᠭ᠎ᠠ ᠪᠠᠨ | ᠨᠡᠮᠡᠭᠳᠡᠬᠦᠯᠵᠦ᠂ ᠪᠠᠶᠠᠵᠢᠭᠤᠯᠬᠤ ᠪᠠᠷ ᠴᠢᠷᠮᠠᠶᠢᠪᠠ᠃ | ᠮᠤᠨᠠ ᠠᠭᠤᠯᠠ ᠪᠠᠯᠭᠠᠰᠤᠨ ᠤ 7 ᠲᠤᠰᠬᠤᠨ ᠤ ᠱᠠᠳᠣᠨ ᠤ ᠡᠯᠧᠺᠳ᠋ᠷᠦᠨ ᠬᠤᠳᠠᠯᠳᠤᠭᠠᠨ ᠤ ᠦᠢᠯᠡᠴᠢᠯᠡᠭᠡᠨ ᠤ ᠲᠤᠤᠷ ᠰᠦᠯᠵᠢᠶᠡᠨ ᠤ ᠬᠠᠷᠢᠭᠤᠴᠠᠯᠭᠠᠳᠠᠨ᠂ | ᠰᠢᠨ᠎ᠠ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠣᠭᠴᠠ᠂ ᠬᠦᠳᠡᠭᠡ ᠲᠤᠰᠬᠤᠨ ᠤ ᠵᠠᠯᠠᠭᠤᠴᠤᠳ᠂ ᠴᠢᠳᠠᠯ ᠲᠠᠢ ᠤᠷᠤᠯᠴᠠᠬᠤ ᠲᠤᠷᠠᠳᠠᠢ | ᠶᠠᠳᠠᠭᠤ ᠠᠴᠠ ᠠᠩᠭᠢᠵᠢᠷᠠᠭᠰᠠᠨ ᠡᠷᠦᠬᠡ ᠵᠡᠷᠭᠡ 50 ᠭᠠᠷᠤᠢ ᠬᠦᠮᠦᠰ ᠲᠤᠰ ᠤᠳᠠᠭᠠᠨ ᠤ ᠲᠠᠶᠢᠯᠤᠮᠵᠢ ᠳᠤ ᠤᠷᠤᠯᠴᠠᠪᠠ᠃ | |