ᠬᠠᠩᠭᠢᠨ ᠬᠤᠶᠢᠲᠤ ᠬᠤᠰᠢᠭᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ ᠭᠤᠷᠪᠠᠨ ᠪᠡᠷᠬᠡ︾ ᠶᠢᠨ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/10
      6 ᠰᠠᠷ᠎ᠠ ᠶᠢᠨ 8 ᠤ ᠡᠳᠦᠷ᠂ ᠬᠠᠩᠭᠢᠨ ᠬᠤᠶᠢᠲᠤ ᠬᠤᠰᠢᠭᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾ ᠶᠢᠨ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠢᠪᠠ᠃       ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠦ᠋ᠨ ᠫᠢᠩ ᠬᠤᠷᠠᠯ ᠡᠷᠭᠢᠯᠡᠵᠦ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠬᠡᠷ ᠬᠥᠷᠥᠩᠭᠡ ᠶᠢᠨ ᠲᠥᠪ᠂ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠂ ᠬᠠᠤᠯᠢ ᠲᠦᠷᠢᠮ ᠤᠨ ᠠᠯᠪᠠᠨ ᠬᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ ᠮᠠᠨ ᠤ ᠬᠤᠰᠢᠭᠤᠨ ᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾ ᠠᠰᠠᠭᠤᠳᠠᠯ ᠤᠨ ᠲᠤᠰᠬᠠᠶ ᠵᠠᠰᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠤᠳᠤᠯᠤᠨ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷ︾ ︽ᠪᠤᠴᠠᠵᠤ ᠨᠡᠭᠦᠬᠦ ᠳᠤ ᠬᠦᠴᠢᠷ︾ ︽ᠣᠷᠣᠵᠤ ᠰᠠᠭᠤᠬᠤ ᠳᠤ ᠬᠦᠴᠢᠷ︾ ᠤᠨ ᠠᠰᠠᠭᠤᠳᠠᠯ ᠪᠣᠯ ᠠᠷᠠᠳ ᠣᠯᠠᠨ ᠤ ᠬᠠᠮᠤᠭ ᠤᠨ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠲᠤᠯᠭᠠᠮ᠎ᠠ᠂ ᠬᠠᠮᠤᠭ ᠤᠨ ᠪᠣᠳᠠᠲᠠᠶ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠤᠨ᠎ᠠ᠃ ᠪᠤᠴᠠᠵᠤ ᠨᠡᠭᠦᠵᠦ ᠣᠷᠣᠵᠤ ᠰᠠᠭᠤᠬᠤ ᠲᠦᠷᠦᠯ ᠵᠦᠢᠯ ᠳᠤ ᠴᠢᠭᠯᠡᠭᠦᠯᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠨᠠᠭᠰᠢᠳᠠ ᠴᠢᠯᠥᠭᠡᠯᠡᠵᠦ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠭᠡᠷ ᠭᠠᠵᠠᠷ ᠤᠨ ᠬᠦᠷᠦᠩᠭᠡ ᠶᠢᠨ ︽ᠭᠤᠷᠪᠠᠨ ᠬᠦᠴᠢᠷ︾ ᠤᠨ ᠠᠰᠠᠭᠤᠳᠠᠯ ᠢ ᠰᠢᠢᠳᠪᠦᠷᠢᠯᠡᠬᠦ ᠢᠲᠡᠭᠡᠯ ᠵᠣᠷᠢᠭ ᠢᠶᠠᠨ ᠪᠠᠲᠤᠳᠬᠠᠵᠤ᠂ ᠬᠠᠮᠲᠤᠪᠠᠷ ᠬᠦᠴᠦᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠤ ︽ᠭᠤᠷᠪᠠᠨ ᠬᠦᠴᠢᠷ︾ ᠤᠨ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠨᠡᠮᠯᠡᠯ ᠣᠯᠭᠤᠬᠤ ᠲᠥᠷᠥᠯ ᠵᠦᠢᠯ ᠳᠤ ᠴᠢᠭᠯᠡᠭᠦᠯᠦᠨ᠂ ︽ ᠭᠤᠷᠪᠠ ᠶᠢ ᠤᠷᠢᠳᠠᠪᠠᠷ ᠭᠤᠷᠪᠠ ᠶᠢ ᠰᠡᠭᠦᠯᠡᠷ ᠬᠢᠬᠦ︾ ᠶᠢ ᠪᠠᠷᠢᠮᠲᠠᠯᠠᠵᠤ᠂ ᠭᠦᠶ᠋ᠴᠡᠳᠬᠡᠪᠡᠰᠦ ᠵᠣᠬᠢᠬᠤ ᠶᠢ ᠨᠢ ᠴᠥᠮ ᠭᠦᠢᠴᠡᠳᠭᠡᠨ᠎ᠡ ︵ᠤᠷᠢᠳᠠᠪᠠᠷ ᠭᠡᠷᠡᠴᠢᠯᠡᠭᠡᠳ ᠳᠠᠷᠠᠭ᠎ᠠ ᠨᠢ ᠭᠠᠶᠢᠯᠢ / ᠰᠦᠶ᠋ᠳᠬᠡᠯ᠂ ᠤᠷᠢᠳᠠᠪᠠᠷ ᠭᠡᠷᠡᠴᠢᠯᠡᠭᠡᠳ ᠳᠠᠷᠠᠭ᠎ᠠ ᠨᠢ ᠵᠠᠭᠠᠯᠳᠤᠬᠤ᠂ ᠤᠷᠢᠳᠠᠪᠠᠷ ᠭᠡᠷᠡᠴᠢᠯᠡᠭᠡᠳ ᠳᠠᠷᠠᠭ᠎ᠠ ᠨᠢ ᠬᠠᠷᠢᠭᠤᠴᠠᠯᠭ᠎ᠠ ᠡᠭᠦᠷᠭᠡᠯᠡᠬᠦ︶᠂ ᠬᠠᠤᠯᠢ ᠲᠣᠭᠲᠠᠭᠠᠯ ᠶᠣᠰᠣᠭᠠᠷ᠂ ᠣᠯᠠᠨ ᠲᠦᠮᠡᠨ ᠤᠷᠢᠳᠠᠪᠠᠷ ᠪᠣᠳᠣᠯᠬᠢᠯᠠᠵᠤ᠂ ᠠᠯᠬᠤᠮ ᠠᠯᠬᠤᠮ ᠢᠶᠠᠷ ᠰᠢᠢᠳᠪᠦᠷᠢᠯᠡᠵᠦ᠂ ᠲᠥᠷᠥᠯ ᠬᠤᠪᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃       ᠬᠤᠷᠠᠯ ᠠᠴᠠ ᠴᠢᠬᠤᠯᠠᠴᠢᠯᠠᠭᠰᠠᠨ ᠨᠢ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ︽ᠭᠤᠷᠪᠠᠨ ᠪᠡᠷᠬᠡ︾ ᠶᠢᠨ ᠠᠰᠠᠭᠤᠳᠠᠯ ᠢ ᠰᠢᠢᠳᠪᠦᠷᠢᠯᠡᠬᠦ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ︽ᠨᠢᠭᠡ ᠲᠥᠷᠥᠯ ᠳᠤ ᠨᠢᠭᠡ ᠠᠷᠭ᠎ᠠ ᠪᠣᠳᠣᠯᠭ᠎ᠠ᠂ ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ ᠠᠪᠬᠤ︾ ᠵᠠᠷᠴᠢᠮ ᠢ ᠪᠠᠷᠢᠮᠲᠠᠯᠠᠵᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠬᠠᠤᠯᠢ ᠴᠠᠭᠠᠵᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠭᠠᠷ ᠳᠦᠷᠦᠵᠦ᠂ ᠢᠳᠡᠪᠬᠢᠲᠡᠶ ᠪᠠᠷ ᠣᠷᠣᠯᠴᠠᠨ᠂ ᠵᠠᠰᠠᠭ ᠵᠠᠬᠢᠷᠭᠠᠨ᠂ ᠬᠠᠤᠯᠢ ᠴᠠᠭᠠᠵᠠ᠂ ᠬᠠᠤᠯᠢ ᠴᠠᠭᠠᠵᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ ᠂ ᠡᠯ᠎ᠡ ᠠᠵᠤ ᠠᠬᠤᠶᠢᠯᠠᠯ ᠢ ᠭᠡᠳᠡᠷᠭᠦ ᠰᠢᠬᠠᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠭᠡᠷ᠎ᠡ ᠶᠢ ᠢᠳᠡᠪᠬᠢᠲᠡᠶ ᠪᠠᠷ ᠭᠦᠢᠴᠡᠳᠭᠡᠬᠦ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠨᠡᠪᠲᠡᠷᠡᠯᠴᠡᠭᠡ ᠶᠢᠨ ᠤᠷᠤᠭᠰᠢᠲᠠᠶ᠂ ᠠᠵᠢᠯᠯᠠᠭᠠᠨ ᠤ ᠰᠠᠭᠠᠳ ᠥᠬᠡᠶ ᠶᠠᠪᠤᠭᠳᠠᠬᠤ ᠶᠢ ᠪᠠᠲᠤᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾ ᠶᠢᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠨᠳᠥᠷ ᠪᠦᠲᠦᠮᠵᠢᠲᠡᠶ ᠠᠬᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠣᠯᠠᠨ ᠲᠦᠮᠡᠨ ᠤ ᠤᠴᠢᠷ ᠶᠠᠪᠤᠳᠠᠯ ᠢ ᠪᠣᠳᠠᠲᠠᠶ ᠪᠠᠷ ᠰᠠᠶᠢᠲᠤᠷ ᠬᠢᠬᠦ ᠬᠡᠷᠡᠭᠲᠡᠶ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ