ᠭᠠᠮᠰᠢᠭ ᠤᠨ ᠬᠤᠬᠢᠷᠠᠯ ᠢ ᠪᠠᠭᠠᠰᠬᠠᠵᠦ ᠠᠮᠤ ᠪᠤᠳᠠᠭ᠎ᠠ ᠡᠯᠪᠡᠭ ᠬᠤᠷᠢᠶᠠᠬᠤ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠡ ᠳᠤ ᠬᠦᠴᠦᠨ ᠨᠡᠮᠡᠷᠢᠯᠡᠵᠦ ᠮᠠᠨ ᠤ ᠤᠷᠤᠨ ᠤ ᠬᠦᠮᠦᠨ ᠤ ᠬᠦᠴᠤ ᠪᠠᠷ ᠴᠠᠭ ᠠᠭᠤᠷ ᠢ ᠨᠦᠯᠦᠬᠡᠯᠡᠬᠦ ᠠᠵᠢᠯ ᠪᠦᠭᠦ ᠤᠯᠤᠰ ᠤᠨ ᠡᠮᠤᠨ᠎ᠠ ᠡᠩᠨᠡᠭᠡᠨ ᠳᠤ ᠤᠷᠤᠵᠡᠢ
ᠨᠡᠶᠢᠲᠡᠯᠡᠭᠰᠡᠨ ᠴᠠᠭ᠄
2021/6/10
      ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠡᠪᠴᠢᠶ᠎ᠡ ᠲᠠᠰᠤᠷᠠᠯᠲᠠ ᠤᠢᠭᠡᠢ ᠥᠷᠭᠡᠳᠴᠦ᠂ ᠬᠦᠮᠦᠨ ᠤ ᠬᠦᠴᠦ ᠪᠠᠷ ᠴᠠᠭ ᠠᠭᠤᠷ ᠢ ᠨᠦᠯᠦᠭᠡᠯᠡᠬᠦ ᠠᠵᠢᠯ ᠪᠦᠬᠦ ᠤᠯᠤᠰ ᠤᠨ ᠡᠮᠦᠨ᠎ᠡ ᠡᠩᠨᠡᠭᠡᠨ ᠳᠤ ᠤᠷᠤᠵᠦ᠂ ᠤᠯᠤᠰ ᠤᠨ ᠳᠡᠭᠡᠳᠦ ᠴᠢᠳᠠᠪᠬᠢᠳᠤ ᠪᠣᠷᠣᠭᠠᠨ ᠤᠷᠤᠭᠤᠯᠬᠤ 1 ᠨᠢᠰᠬᠡᠯ ᠪᠠ 8 ᠪᠠᠭ᠎ᠠ ᠬᠡᠯᠪᠡᠷᠢ ᠶᠢᠨ ᠪᠤᠷᠤᠭᠠᠨ ᠤᠷᠤᠭᠤᠯᠬᠤ ᠨᠢᠰᠬᠡᠯ ᠤᠨ ᠠᠵᠢᠯᠯᠠᠬᠤ ᠪᠠᠶᠢᠷᠢᠰᠢᠯ ᠢ ᠪᠣᠶ ᠪᠣᠯᠭᠠᠵᠤ᠂ ᠠᠭᠠᠷ ᠪᠤᠯᠤᠨ ᠭᠠᠵᠠᠷ ᠳᠡᠭᠡᠷᠡᠬᠢ ᠬᠠᠮᠵᠢᠯᠴᠠᠨ ᠠᠵᠢᠯᠯᠠᠬᠤ ᠪᠣᠰᠤᠭ᠎ᠠ ᠴᠣᠭᠴᠠᠲᠤ ᠠᠵᠢᠯ ᠤᠨ ᠲᠤᠤᠷ ᠢ ᠠᠩᠬ᠎ᠠ ᠠᠯᠬᠤᠮ ᠴᠤᠬᠴᠠᠯᠠᠵᠦ᠂ ᠡᠯ᠎ᠠ ᠵᠦᠢᠯ ᠤᠨ ᠴᠠᠬ ᠠᠭᠤᠷ ᠤᠨ ᠭᠠᠮᠰᠢᠭ ᠤᠨ ᠬᠤᠬᠢᠷᠠᠯ ᠢ ᠪᠠᠭᠠᠰᠬᠠᠬᠤ᠂ ᠪᠦᠭᠦ ᠤᠷᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠯᠠᠭᠤᠯᠵᠤ ᠪᠣᠯᠤᠰᠢ ᠦᠭᠡᠶ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃      ᠡᠨᠡ ᠬᠠᠪᠤᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠲᠣᠪᠴᠢᠶ᠎ᠠ ᠠᠰᠢᠭᠲᠠᠶ ᠴᠠᠭ ᠲᠣᠬᠢᠶᠠᠯ ᠢ ᠠᠮᠵᠢᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠢᠳᠡᠪᠬᠢᠳᠡᠢ ᠥᠷᠨᠢᠭᠦᠯᠵᠦ᠂ ᠪᠥᠬᠦ ᠬᠤᠰᠢᠭᠤᠨ ᠤ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠪᠤᠯᠤᠨ ᠬᠡᠰᠡᠭ ᠰᠤᠮᠤ ᠪᠠᠯᠭᠠᠰᠤᠨ ᠤ ᠪᠠᠨ ᠭᠠᠩ ᠤᠨ ᠪᠠᠶᠢᠳᠠᠯ ᠢ ᠨᠠᠮᠳᠠᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠵᠠᠢ᠃ ᠬᠥᠬᠡᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠲᠥᠪ ᠤᠨ ᠳᠡᠮᠵᠢᠯᠭᠡ ᠳᠤᠤᠷ᠎ᠠ᠂ ᠬᠤᠳᠠ ᠶᠢᠨ ᠲᠤᠭᠤᠷᠢᠭ ᠪᠠ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠶ ᠾᠧ ᠰᠢᠶᠠᠨ ᠳᠤ ᠥᠨᠳᠥᠷ ᠴᠢᠳᠠᠪᠬᠢᠳᠤ ᠪᠣᠷᠣᠭᠠᠨ ᠤᠷᠤᠭᠤᠯᠬᠤ ᠨᠢᠰᠬᠡᠯ ᠢᠶᠠᠷ ᠬᠤᠶᠠᠷ ᠤᠳᠠᠭ᠎ᠠ ᠪᠤᠷᠤᠭᠠᠨ ᠤᠷᠤᠭᠤᠯᠵᠤ᠂ ᠪᠥᠬᠦ ᠬᠤᠲᠠ ᠶᠢᠨ ᠡᠪᠡᠰᠤ ᠤᠷᠭᠤᠮᠠᠯ ᠨᠤᠭᠤᠭᠠᠷᠠᠬᠤ᠂ ᠣᠶ ᠰᠢᠭᠤᠶ ᠶᠢᠨ ᠲᠦᠢᠮᠡᠷ ᠤᠨ ᠠᠶᠤᠯ ᠤᠨ ᠳᠡᠰ ᠢ ᠪᠠᠭᠤᠷᠠᠭᠤᠯᠬᠤ᠂ ᠠᠭᠠᠷ ᠢ ᠴᠡᠪᠡᠷᠰᠢᠭᠦᠯᠬᠦ ᠳᠤ ᠢᠳᠡᠪᠬᠢᠲᠡᠶ ᠤᠢᠢᠯᠡᠳᠤᠯ ᠦᠵᠡᠬᠦᠯᠦᠭᠰᠡᠨ ᠪᠠᠶᠢᠨ᠎ᠠ᠃ ᠢᠯᠠᠩᠭᠤᠶ᠎ᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠬᠥᠭᠵᠢᠯᠲᠡ ᠬᠠᠮᠤᠭ ᠤᠨ ᠲᠦᠷᠭᠡᠨ᠂ ᠦᠢᠯᠡᠴᠢᠯᠡᠭᠡ ᠬᠠᠮᠤᠭ ᠤᠨ ᠥᠷᠭᠡᠨ᠂ ᠦᠷ᠎ᠡ ᠠᠰᠢᠭ ᠬᠠᠮᠤᠭ ᠤᠨ ᠲᠣᠪᠤᠶᠢᠮ᠎ᠠ ᠬᠤᠭᠤᠴᠠᠭ᠎ᠠ ᠪᠠᠶᠢᠵᠤ᠂ ᠨᠢᠰᠬᠡᠯ ᠢᠶᠠᠷ ᠪᠣᠷᠣᠭᠠᠨ ᠤᠷᠤᠭᠤᠯᠬᠤ ᠬᠡᠪᠴᠢᠶ᠎ᠡ ᠨᠢ ᠪᠥᠬᠦ ᠤᠯᠤᠰ ᠲᠤ ᠲᠦᠷᠦᠬᠦᠯᠡᠵᠦ᠂ ᠪᠦᠬᠦ ᠤᠯᠤᠰ ᠤᠨ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠲᠤᠬᠠᠶᠢᠯᠠᠭᠰᠠᠨ ᠠᠵᠢᠯ ᠤᠨ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠡᠴᠦᠰ ᠤᠨ ᠦᠨᠡᠯᠡᠨ ᠵᠢᠱᠢᠯᠲᠡ ᠳᠤ ᠬᠤᠶᠠᠳᠤᠭᠠᠷ ᠲᠤ ᠵᠢᠭᠰᠠᠵᠡᠢ᠃      ᠪᠦᠬᠦ ᠣᠷᠣᠨ ᠤ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠭᠠᠩ ᠭᠠᠮᠰᠢᠬ ᠪᠠ ᠮᠥᠨᠳᠥᠷ ᠤᠨ ᠭᠠᠮᠰᠢᠬ ᠵᠢᠴᠢ ᠲᠠᠷᠢᠶᠠᠯᠠᠭ᠎ᠠ ᠶᠢᠨ ᠵᠠᠩᠬᠢᠯᠠᠭ᠎ᠠ ᠶᠢᠨ ᠴᠠᠭ ᠬᠤᠭᠤᠴᠠᠭᠠᠨ ᠳᠤ ᠬᠥᠮᠦᠨ ᠤ ᠬᠦᠴᠦ ᠪᠠᠷ ᠪᠣᠷᠣᠭᠠᠨ ︵ᠴᠠᠰᠤ︶ ᠤᠷᠤᠭᠤᠯᠬᠤ ᠪᠠ ᠮᠥᠨᠳᠥᠷ ᠢ ᠰᠡᠷᠭᠡᠶᠢᠯᠡᠬᠦ ᠠᠵᠢᠯ ᠢ ᠴᠠᠭ ᠲᠤᠬᠠᠢ ᠳᠤᠨᠢ ᠲᠣᠬᠢᠷᠠᠭᠤᠯᠤᠨ ᠢᠳᠡᠪᠬᠢᠲᠡᠶ ᠪᠠᠷ ᠦᠷᠨᠢᠬᠦᠯᠵᠤ᠂ ᠭᠠᠵᠠᠷ ᠤᠷᠤᠨ ᠠᠯᠤᠰᠯᠠᠵᠦ ᠨᠢᠰᠬᠡᠯ᠂ ᠲᠠᠶᠢᠷᠤᠯᠳᠤ ᠰᠤᠮᠤ ᠵᠡᠷᠭᠡ ᠲᠣᠨᠣᠭᠯᠠᠯ ᠢ ᠲᠤᠬᠢᠷᠠᠭᠤᠯᠵᠤ᠂ ᠵᠢᠯ ᠪᠦᠷᠢ ᠳᠤᠮᠳᠠᠴᠢ ᠪᠠᠷ 150 ᠭᠠᠷᠤᠶ ᠨᠢᠰᠬᠡᠯ ᠤᠳᠠᠭ᠎ᠠ ᠪᠤᠷᠤᠭᠠᠨ ᠤᠷᠤᠭᠤᠯᠵᠤ᠂ ᠲᠡᠶᠢᠷᠦᠯᠲᠦ ᠰᠤᠮᠤ ᠶᠢ 760 ᠭᠠᠷᠤᠶ ᠤᠳᠠᠭ᠎ᠠ᠂ ᠰᠢᠲᠠᠯᠲᠠ ᠶᠢᠨ ᠵᠤᠤᠬ᠎ᠠ ᠶᠢᠨ ᠠᠵᠢᠯ ᠢ 480 ᠤᠳᠠᠭ᠎ᠠ᠂ ᠶᠡᠭᠡ ᠫᠤᠤ ᠶᠢᠨ ᠠᠵᠢᠯ ᠢ 880 ᠤᠳᠠᠭ᠎ᠠ᠂ ᠮᠥᠨᠳᠥᠷ ᠰᠡᠷᠭᠡᠶᠢᠯᠡᠬᠦ ᠠᠵᠢᠯ ᠢ 1000 ᠭᠠᠷᠤᠢ ᠤᠳᠠᠭ᠎ᠠ ᠦᠷᠨᠢᠬᠦᠯᠵᠦ᠂ ᠪᠣᠷᠣᠭᠠᠨ ᠤᠷᠤᠭᠤᠯᠬᠤ ᠠᠵᠢᠯᠯᠠᠭᠠᠨ ᠢ ᠨᠦᠯᠦᠭᠡᠯᠡᠭᠰᠡᠨ ᠣᠷᠣᠨ ᠤ ᠲᠠᠯᠠᠪᠠᠢ ᠪᠠᠷᠤᠭ 60 ᠲᠦᠮᠡᠨ ᠲᠡᠭᠰᠢ ᠳᠥᠷᠪᠡᠯᠵᠢᠨ ᠺᠢᠯᠣᠮᠧᠳ᠋ᠷ ᠲᠤ ᠬᠦᠷᠴᠤ᠂ ᠪᠠᠶᠢᠭᠠᠯᠢ ᠶᠢᠨ ᠲᠤᠨᠳᠠᠰᠤ ᠶᠢ ᠵᠢᠯ ᠳᠤᠮᠳᠠᠴᠢ ᠪᠠᠷ ᠪᠠᠷᠤᠭ 17.5 ᠳ᠋ᠦᠩᠰᠢᠭᠤᠷ ᠲᠣᠨ ᠨᠡᠮᠡᠭᠳᠡᠬᠦᠯᠵᠤ᠂ ᠶᠡᠭᠡ ᠫᠤᠤ ᠶᠢᠨ ᠮᠥᠨᠳᠥᠷ ᠰᠡᠷᠭᠡᠶᠢᠯᠡᠬᠦ ᠬᠠᠮᠠᠭᠠᠯᠠᠯᠲᠠ ᠶᠢᠨ ᠲᠠᠯᠠᠪᠠᠢ 2.2 ᠲᠦᠮᠡᠨ ᠲᠡᠭᠰᠢ ᠳᠥᠷᠪᠡᠯᠵᠢᠨ ᠺᠢᠯᠣᠮᠧᠳ᠋ᠷ ᠲᠤ ᠬᠦᠷᠴᠤ᠂ ᠮᠥᠨᠳᠥᠷ ᠤᠨ ᠭᠠᠮᠰᠢᠭ ᠤᠨ ᠬᠤᠬᠢᠷᠠᠯ ᠢ 8 ᠳ᠋ᠦᠩᠰᠢᠭᠤᠷ ᠲᠥᠭᠦᠷᠢᠭ ᠣᠷᠴᠢᠮ ᠪᠠᠭᠠᠰᠬᠠᠵᠤ᠂ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠪᠦᠭᠡᠳ ᠲᠠᠷᠢᠶᠠᠯᠠᠩ ᠤᠨ ᠲᠥᠬᠦᠭᠡᠷᠦᠮᠵᠢ ᠶᠢᠨ ᠠᠮᠤᠷ ᠲᠦᠪᠰᠢᠨ᠂ ᠠᠵᠤ ᠠᠬᠤᠢ ᠶᠢᠨ ᠲᠠᠷᠢᠮᠠᠯ ᠤᠨ ᠭᠠᠮᠰᠢᠭ ᠤᠨ ᠬᠤᠬᠢᠷᠠᠯ ᠢ ᠪᠠᠭᠠᠰᠬᠠᠬᠤ ᠳᠤ ᠬᠦᠴᠦᠳᠡᠢ ᠪᠠᠲᠤᠯᠠᠭ᠎ᠠ ᠬᠠᠩᠭᠠᠵᠡᠢ᠃      ᠦᠩᠭᠡᠷᠡᠭᠰᠡᠨ ᠬᠡᠳᠦᠨ ᠵᠢᠯ ᠳᠤ᠂ ᠪᠥᠬᠦ ᠣᠷᠣᠨ ᠳᠤ ᠤᠷᠢᠳ ᠬᠤᠵᠢᠳ ᠶᠡᠭᠡ ᠬᠢᠩᠭᠠᠨ ᠳᠠᠪᠠᠭᠠᠨ ᠤ ᠪᠢᠯᠠ ᠭᠤᠤᠯ ᠵᠡᠷᠭᠡ ᠭᠠᠵᠠᠷ ᠲᠤ ᠣᠶ ᠰᠢᠭᠤᠶ ᠶᠢᠨ ᠲᠦᠢᠮᠡᠷ ᠭᠠᠷᠤᠬᠰᠡᠨ ᠵᠡᠷᠭᠡ ᠪᠠᠴᠢᠮ ᠪᠠᠶᠢᠳᠠᠯ ᠤᠨ ᠡᠮᠦᠨ᠎ᠡ᠂ ᠮᠠᠨ ᠤ ᠣᠷᠣᠨ ᠤ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠣᠶ ᠰᠢᠭᠤᠶ᠂ ᠣᠶ ᠰᠢᠭᠤᠢ ᠶᠢᠨ ᠴᠠᠭᠳᠠᠭ᠎ᠠ᠂ ᠴᠠᠭ ᠠᠭᠤᠷ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠰᠬᠡᠯ ᠲᠡᠶᠢᠷᠦᠯᠲᠦ ᠰᠤᠮᠤ ᠶᠢᠨ ᠪᠣᠰᠤᠭ᠎ᠠ ᠴᠣᠭᠴᠠᠲᠤ ᠰᠣᠯᠪᠢᠴᠠᠭᠰᠠᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠤᠨ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠴᠠᠭ ᠲᠤᠬᠠᠢ ᠳᠤᠨᠢ ᠲᠣᠬᠢᠷᠠᠭᠤᠯᠤᠨ ᠥᠷᠨᠢᠭᠦᠯᠵᠦ᠂ ᠤᠳᠠᠭ᠎ᠠ ᠪᠦᠷᠢ ᠶᠢᠨ ᠲᠦᠢᠮᠡᠷ ᠢ ᠤᠨᠲᠠᠷᠠᠭᠠᠬᠤ ᠳᠤ ᠴᠢᠬᠤᠯᠠ ᠦᠢᠯᠡᠳᠦᠯ ᠦᠵᠡᠭᠦᠯᠪᠡ᠃ ︽ᠬᠦᠯᠦᠨ ᠨᠠᠭᠤᠷ ᠤᠯᠠᠭᠠᠨᠰᠤᠬᠠᠢ ᠲᠠᠭ᠎ᠠ ᠶᠢᠨ ᠨᠠᠭᠤᠷ︾᠂ ᠴᠠᠭᠠᠨᠨᠠᠭᠤᠷ᠂ ᠬᠤᠷᠴᠢᠨ ᠤ ᠡᠯᠡᠰᠦᠷᠬᠡᠭ ᠭᠠᠵᠠᠷ ᠵᠡᠷᠭᠡ ᠠᠮᠢ ᠠᠬᠤᠶ ᠬᠡᠪᠡᠷᠡᠭ ᠣᠷᠣᠨ ᠵᠢᠴᠢ ᠪᠡᠭᠡᠵᠢᠩ ᠲᠢᠶᠠᠨᠵᠢᠨ ᠤ ᠡᠷᠬᠢᠨ ᠲᠤᠭᠤᠷᠢᠨ ᠤ ᠡᠯᠡᠰᠦ ᠪᠠ ᠰᠠᠯᠬᠢᠨ ᠤ ᠡᠬᠢ ᠶᠢ ᠵᠠᠰᠠᠬᠤ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠲᠣᠭᠤᠷᠢᠨ ᠳᠤ᠂ ᠬᠥᠳᠡᠯᠦᠩᠭᠦᠶ ᠬᠢᠨᠠᠨ ᠬᠡᠮᠵᠢᠵᠦ ᠦᠨᠡᠯᠡᠨ ᠵᠢᠱᠢᠬᠦ ᠨᠠᠷᠢᠯᠢᠭᠵᠢᠭᠤᠯᠤᠭᠰᠠᠨ ᠦᠢᠯᠡᠴᠢᠯᠡᠭᠡ ᠥᠷᠨᠢᠭᠦᠯᠵᠦ᠂ ᠪᠣᠷᠣᠭᠠᠨ ︵ᠴᠠᠰᠤ︶ ᠤᠷᠤᠭᠤᠯᠬᠤ ᠠᠵᠢᠯ ᠢ ᠦᠷᠭᠦᠯᠵᠢᠯᠡᠨ ᠶᠡᠭᠡ ᠬᠡᠪᠴᠢᠶ᠎ᠡ ᠪᠠᠷ ᠥᠷᠨᠢᠭᠦᠯᠦᠨ᠂ ᠠᠮᠢ ᠠᠬᠤᠶ ᠳᠤ ᠬᠡᠷᠡᠭᠯᠡᠬᠦ ᠤᠰᠤ ᠶᠢ ᠨᠥᠬᠦᠪᠥᠷᠢᠯᠡᠵᠦ᠂ ᠨᠠᠭᠤᠷ ᠴᠥᠭᠦᠷᠥᠮ ᠨᠤᠭᠤ ᠭᠠᠵᠠᠷ ᠤᠨ ᠲᠠᠯᠠᠪᠠᠶ ᠶᠢ ᠥᠷᠭᠡᠳᠬᠡᠨ᠂ ᠪᠡᠯᠴᠢᠭᠡᠷ ᠤᠨ ᠠᠮᠢᠳᠤ ᠪᠣᠳᠠᠰ ᠤᠨ ᠬᠡᠮᠵᠢᠶ᠎ᠡ ᠪᠠ ᠪᠦᠷᠬᠦᠴᠡ ᠶᠢ ᠨᠡᠮᠡᠭᠳᠡᠭᠦᠯᠵᠦ᠂ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠲᠤᠳᠠᠭᠳᠠᠯ ᠢ ᠨᠠᠮᠳᠠᠭᠤᠯᠬᠤ ᠪᠤᠯᠤᠨ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠢᠯᠡᠷᠬᠡᠢ ᠦᠢᠯᠡᠴᠢᠯᠡᠭᠡᠨ ᠤ ᠦᠷ᠎ᠡ ᠠᠰᠢᠭ ᠡᠬᠦᠳᠦᠭᠰᠡᠨ ᠪᠠᠶᠢᠨ᠎ᠠ᠃      ᠲᠠᠷᠠᠭᠠᠴᠢ ᠪᠠᠷ᠂ ᠮᠠᠨ ᠤ ᠤᠷᠤᠨ ︽ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠭᠳᠠᠷᠭᠤᠢ ᠶᠢᠨ ᠡᠭᠦᠯᠡ ᠤᠰᠤᠨ ᠤ ᠡᠬᠢ ᠪᠠᠶᠠᠯᠢᠭ ᠢ ᠪᠣᠰᠤᠭ᠎ᠠ ᠴᠣᠭᠴᠠ ᠪᠠᠷ ᠬᠢᠨᠠᠨ ᠬᠡᠮᠵᠢᠬᠦ ᠴᠢᠳᠠᠪᠤᠷᠢ᠂ ᠨᠠᠷᠢᠯᠢᠭ ᠣᠨᠣᠪᠴᠢᠲᠠᠶ ᠠᠵᠢᠯᠯᠠᠬᠤ ᠴᠢᠳᠠᠪᠤᠷᠢ᠂ ᠠᠵᠢᠯ ᠢ ᠵᠢᠯᠣᠭᠤᠳᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠣᠯᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠳᠡᠭᠡᠳᠦ ᠳᠤᠤᠷᠠᠳᠤ ᠱᠠᠲᠤ ᠶᠢ ᠵᠣᠯᠭᠠᠭᠤᠯᠤᠭᠰᠠᠨ᠂ ᠠᠵᠢᠯ ᠬᠤᠪᠢᠶᠠᠷᠢᠯᠠᠨ ᠬᠠᠮᠵᠢᠯᠴᠠᠭᠰᠠᠨ᠂ ᠨᠢᠭᠡᠳᠦᠯᠲᠡᠶ ᠲᠥᠯᠥᠪᠵᠢᠭᠦᠯᠦᠨ ᠡᠷᠴᠢᠮᠵᠢᠭᠦᠯᠦᠭᠰᠡᠨ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠵᠦ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠵᠤ᠂ ᠮᠠᠨ ᠤ ᠣᠷᠣᠨ ᠤ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ ᠦᠵᠡᠬᠦᠯᠬᠦ ᠪᠤᠯᠤᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ