ᠦᠪᠡᠷᠳᠡᠭᠡᠨ ᠵᠠᠰᠠᠬᠤ ᠤᠷᠤᠨ ᠤ 2021 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠯ᠎ᠠ
ᠨᠡᠶᠢᠲᠡᠯᠡᠭᠰᠡᠨ ᠴᠠᠭ᠄
2021/6/10
      6 ᠰᠠᠷ᠎ᠠ ᠶᠢᠨ 8 ᠤ ᠡᠳᠦᠷ᠂ ︽ᠠᠷᠪᠢᠴᠢ ᠭᠠᠮᠳᠠᠢ ᠢᠳᠡᠬᠡᠯ ᠪᠢᠰᠢᠷᠡᠯ ᠲᠠᠢ ᠪᠠᠶᠢᠬᠤ ᠶᠢ ᠲᠡᠭᠡᠳᠦᠯᠡᠵᠦ᠂ ᠨᠠᠶᠢᠳᠠᠪᠤᠷᠢᠳᠠᠢ ᠬᠤᠭᠤᠯᠠ ᠤᠮᠳᠠ ᠶᠢ ᠪᠠᠳᠤᠯᠠᠬᠤ︾ ᠪᠠᠷ ᠭᠤᠤᠯ ᠰᠡᠳᠦᠪ ᠪᠤᠯᠭᠠᠬᠰᠠᠨ 2021 ᠣᠨ ᠤ ᠥᠪᠥᠷ ᠮᠣᠩᠭᠤᠯ ᠤᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠭᠤᠤᠯ ᠲᠠᠯᠠᠪᠤᠷ ᠤᠨ ᠠᠵᠢᠯᠯᠠᠭ᠎ᠠ ᠬᠥᠬᠡᠬᠤᠲᠠ ᠳᠤ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠳᠤ ᠡᠬᠢᠯᠡᠯᠲᠡ ᠶᠢᠨ ᠶᠣᠰᠣᠯᠠᠯ ᠳᠤ ᠤᠷᠤᠯᠴᠠᠬᠰᠠᠨ ᠤ ᠬᠠᠮᠳᠤ ᠶᠠᠷᠢᠶ᠎ᠠ ᠲᠠᠯᠪᠢᠪᠠ᠃      ᠴᠢ᠊ ᠪᠠᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠳᠡᠭᠡᠨ ᠤ ᠠᠮᠤᠷ ᠲᠦᠪᠰᠢᠨ ᠤ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠳᠡᠮᠵᠢᠨ ᠬᠠᠮᠵᠢᠯᠴᠠᠵᠤ᠂ ᠮᠠᠨ ᠤ ᠣᠷᠣᠨ ᠤ ᠢᠳᠡᠭᠡᠨ ᠤ ᠠᠮᠤᠷ ᠲᠦᠪᠰᠢᠨ ᠤ ᠠᠵᠢᠯ ᠶᠡᠷᠦᠩᠬᠡᠶ ᠳᠡᠭᠡᠨ ᠲᠣᠭᠲᠠᠭᠤᠨ ᠪᠥᠭᠡᠳ ᠰᠠᠶᠢᠵᠢᠷᠠᠬᠤ ᠬᠠᠨᠳᠤᠰᠢ ᠲᠠᠢ ᠪᠠᠶᠢᠭᠰᠠᠭᠠᠷ ᠢᠷᠡᠵᠡᠢ ᠬᠡᠵᠦ ᠵᠢᠭᠠᠵᠤ ᠭᠠᠷᠭᠠᠪᠠ᠃      ᠴᠢ᠊ ᠪᠠᠳᠤ᠂ ᠢᠳᠡᠭᠡᠨ ᠤ ᠠᠮᠤᠷ ᠲᠦᠪᠰᠢᠨ ᠳᠤ ︽ᠦᠴᠦᠬᠡᠨ ᠴᠤ ᠠᠶᠤᠯ ᠲᠦᠭᠰᠢᠭᠦᠷᠢ ᠦᠭᠡᠢ︾ ᠭᠡᠵᠤ ᠪᠠᠶᠢᠬᠤ ᠦᠭᠡᠢ᠂ ᠭᠡᠪᠡᠴᠦ ᠬᠢᠨᠠᠯᠲᠠ ᠬᠠᠮᠢᠶᠠᠷᠤᠯᠲᠠ ᠳᠤ ᠡᠷᠬᠡᠪᠰᠢ ︽ᠥᠴᠦᠬᠡᠨ ᠴᠦ ᠢᠯᠳᠠᠷ ᠬᠠᠶᠠᠬᠤ ᠥᠬᠡᠶ︾ ᠪᠠᠶᠢᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠤᠯᠪᠣᠭᠳᠠᠯ ᠪᠦᠬᠦᠢ ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠨ ᠡᠵᠡᠩᠨᠡᠯᠲᠡ ᠬᠢᠵᠦ᠂ ᠥᠷᠭᠡᠨ ᠤᠯᠠᠨ ᠠᠷᠠᠳ ᠲᠦᠮᠡᠨ ᠢ ᠰᠠᠨᠠᠭ᠎ᠠ ᠠᠮᠤᠷ ᠬᠤᠭᠤᠯᠠ ᠢᠳᠡᠬᠦ᠂ ᠲᠠᠭᠠᠯᠠᠮᠵᠢᠲᠠᠢ ᠬᠤᠭᠤᠯᠠ ᠢᠳᠡᠬᠦ ᠪᠣᠯᠭᠠᠬᠤ ᠬᠡᠷᠡᠭᠲᠡᠢ᠃ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠤᠯᠠᠨ ᠲᠦᠮᠡᠨ ᠢᠳᠡᠪᠬᠢᠲᠡᠢ ᠣᠷᠣᠯᠴᠠᠵᠤ᠂ ᠬᠢᠨᠠᠯᠲᠠ ᠲᠠᠯᠪᠢᠬᠤ ᠪᠠᠨ ᠴᠢᠩᠭᠠᠳᠬᠠᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠬᠤᠭᠤᠯᠠᠨ ᠰᠢᠷᠡᠭᠡᠨ ᠳᠡᠭᠡᠷ᠎ᠡ ᠪᠦᠷᠢᠯᠭᠡᠨ ᠰᠦᠢᠳᠬᠡᠬᠦ ᠠᠴᠠ ᠵᠠᠶᠢᠯᠠᠰᠬᠢᠬᠦ ᠬᠡᠷᠡᠭᠲᠡᠢ ᠬᠡᠵᠦ ᠴᠢᠬᠤᠯᠠᠴᠢᠯᠠᠪᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ