ᠯᠢ ᠺᠧ ᠴᠢᠶᠠᠩ ᠦᠽᠪᠧᠺᠰᠲ᠋ᠠᠨ ᠤ ᠶᠡᠷᠦᠩᠬᠡᠢ ᠰᠠᠶᠢᠳ ᠠᠷᠢᠫᠣᠸ᠋ ᠲᠠᠢ ᠸᠢᠳᠢᠣ᠋ ᠪᠠᠷ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2021/6/10
      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ ᠵᠦᠩ ᠨᠠᠨ ᠬᠠᠢ ᠶᠢᠨ ᠽᠢ ᠭᠤᠸᠠᠩ ᠭᠧ ᠳᠤ ᠪᠣᠯᠵᠤᠭ᠎ᠠ ᠶᠣᠰᠣᠭᠠᠷ ᠦᠽᠪᠧᠺᠰᠲ᠋ᠠᠨ ᠤ ᠶᠡᠷᠦᠩᠬᠡᠢ ᠰᠠᠶᠢᠳ ᠠᠷᠢᠫᠣᠸ᠋ ᠲᠠᠢ ᠸᠢᠳᠢᠣ᠋ ᠪᠠᠷ ᠠᠭᠤᠯᠵᠠᠯᠲᠠ ᠬᠢᠪᠡ᠃ 
6375884719739924326861735.jpg
      ᠯᠢ ᠺᠧ ᠴᠢᠶᠠᠩ ᠢᠯᠡᠳᠬᠡᠬᠦ ᠳᠤ ᠪᠠᠨ᠂ ᠳᠤᠮᠳᠠᠳᠤ ᠦᠽᠪᠧᠺᠰᠲ᠋ᠠᠨ ᠪᠣᠯ ᠨᠥᠬᠦᠷᠰᠡᠭ ᠬᠥᠷᠰᠢ ᠪᠠ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠃ ᠲᠦᠷᠦᠭᠦᠬᠡᠨ᠂ ᠲᠡᠷᠢᠭᠦᠯᠡᠭᠴᠢ ᠰᠢ ᠶᠢᠨ ᠫᠢᠩ ᠶᠡᠷᠦᠩᠬᠡᠶᠢᠯᠡᠭᠴᠢ ᠮᠢᠷᠽᠢᠶᠣᠶ᠋ᠸᠧ ᠲᠠᠢ ᠤᠲᠠᠰᠤ ᠪᠠᠷ ᠠᠮᠵᠢᠯᠲᠠ ᠲᠠᠢ ᠶᠠᠷᠢᠯᠴᠠᠵᠤ᠂ ᠬᠤᠶᠠᠷ ᠤᠯᠤᠰ ᠤᠨ ᠬᠠᠷᠢᠴᠠᠭᠠᠨ ᠤ ᠬᠥᠭᠵᠢᠯᠲᠡ ᠶᠢ ᠲᠥᠯᠥᠪᠵᠢᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠭᠰᠡᠨ ᠠᠴᠠ ᠨᠠᠭᠠᠰᠢ᠂ ᠳᠤᠮᠳᠠᠳᠤ ᠦᠽᠪᠧᠺᠰᠲ᠋ᠠᠨ ᠬᠠᠷᠢᠯᠴᠠᠨ ᠳᠡᠮᠵᠢᠵᠦ᠂ ᠬᠠᠷᠢᠯᠴᠠᠨ ᠬᠠᠪᠰᠤᠷᠤᠯᠴᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠲᠠᠰᠤᠷᠠᠯᠳᠡ ᠦᠭᠡᠢ ᠤᠷᠤᠭᠰᠢᠯᠠᠵᠤ᠂ ᠬᠤᠶᠠᠷ ᠤᠯᠤᠰ ᠤᠨ ᠠᠵᠤ ᠠᠬᠤᠢ ᠶᠢᠨ ᠰᠡᠷᠭᠦᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠡᠢ᠃ ᠳᠤᠮᠳᠠᠳᠤ ᠶᠢᠨ ᠲᠠᠯ᠎ᠠ ᠳᠤᠷᠠᠲᠠᠶ᠎ᠠ ᠦᠽᠪᠧᠺᠰᠲ᠋ᠠᠨ ᠤ ᠲᠠᠯ᠎ᠠ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠷᠢᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠪᠡ
6375884721861799409946411.jpg
      ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠦᠽᠪᠧᠺᠰᠲ᠋ᠠᠨ ᠤ ᠲᠠᠯ᠎ᠠ ᠲᠠᠢ ᠦᠷᠭᠦᠯᠵᠢᠯᠡᠨ ᠭᠠᠷ ᠬᠤᠯᠪᠣᠨ ᠬᠠᠮᠲᠤᠷᠠᠯᠴᠠᠵᠤ ᠬᠢᠵᠢᠭ ᠲᠠᠢ ᠲᠡᠮᠡᠴᠡᠬᠦ᠂ ᠦᠽᠪᠧᠺᠰᠲ᠋ᠠᠨ ᠤ ᠲᠠᠯ᠎ᠠ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠬᠤᠶᠠᠷ ᠤᠯᠤᠰ ᠤᠨ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠵᠠᠷᠴᠢᠮ ᠢᠶᠠᠷ ᠸᠠᠺᠼᠢᠨ ᠤ ᠬᠠᠮᠲᠤᠷᠠᠭᠰᠠᠨ ᠦᠢᠯᠡᠳᠪᠦᠷᠢᠯᠡᠯ ᠥᠷᠨᠢᠭᠦᠯᠬᠦ ᠶᠢ ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠵᠠᠬ᠎ᠠ ᠳᠡᠯᠭᠡᠭᠦᠷ ᠤᠨ ᠵᠠᠷᠴᠢᠮ ᠪᠣᠯᠤᠨ ᠬᠤᠳᠠᠯᠳᠤᠭᠠᠨ ᠤ ᠲᠦᠷᠢᠮ ᠶᠣᠰᠣᠭᠠᠷ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠶᠢ ᠬᠦᠰᠡᠵᠦ ᠪᠠᠶᠢᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠦᠽᠪᠧᠺᠰᠲ᠋ᠠᠨ ᠤ ᠲᠠᠯ᠎ᠠ ᠶᠢᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢᠶᠠᠨ ᠳᠤᠮᠳᠠᠳᠤ ᠤᠯᠤᠰ ᠲᠤ ᠭᠠᠷᠭᠠᠬᠤ ᠳᠤ ᠨᠢ ᠪᠣᠭᠤᠮᠲᠠ ᠪᠠᠷ ᠥᠩᠭᠡᠷᠡᠭᠡᠬᠦ ᠳᠥᠭᠦᠮ ᠦᠵᠡᠭᠦᠯᠦᠨ᠎ᠡ᠃ ᠢᠷᠡᠬᠦ ᠵᠢᠯ ᠳᠤ ᠳᠤᠮᠳᠠᠳᠤ ᠦᠽᠪᠧᠺᠰᠲ᠋ᠠᠨ ᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠤᠭᠲᠤᠬᠤ ᠪᠣᠯᠤᠨ᠎ᠠ᠂ ᠡᠭᠦᠨ ᠢᠶᠠᠷ ᠠᠵᠠ ᠲᠣᠬᠢᠶᠠᠯ ᠪᠣᠯᠭᠠᠵᠤ᠂ ᠤᠯᠠᠨ ᠵᠦᠢᠯ ᠤᠨ ᠬᠡᠯᠪᠡᠷᠢ ᠶᠢᠨ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ ᠪᠠ ᠤᠯᠠᠮᠵᠢᠯᠠᠯᠲᠤ ᠨᠥᠬᠦᠷᠯᠡᠯ ᠢᠶᠠᠨ ᠵᠤᠵᠠᠭᠠᠳᠬᠠᠬᠤ ᠶᠢ ᠬᠦᠰᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠳᠤᠷᠠᠲᠠᠶ᠎ᠠ ᠦᠽᠪᠧᠺᠰᠲ᠋ᠠᠨ ᠤ ᠲᠠᠯ᠎ᠠ ᠲᠠᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠳᠦᠭᠦᠪᠴᠢ ᠲᠥᠰᠦᠪ ᠤᠨ ᠳᠣᠲᠣᠷᠠᠬᠢ ᠵᠣᠬᠢᠴᠠᠭᠤᠯᠤᠯᠲᠠ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠣᠷᠣᠨ ᠤ ᠬᠢᠵᠢᠭ ᠤᠨ ᠳᠠᠷᠠᠭᠠᠬᠢ ᠰᠡᠷᠭᠦᠯᠲᠡ ᠪᠣᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠨᠡᠩ ᠤᠯᠠᠨ ᠬᠦᠴᠦᠨ ᠨᠡᠮᠡᠷᠢᠯᠡᠨ᠎ᠡ ᠭᠡᠪᠡ᠃
6375884723688361881831684.jpg
      ᠠᠷᠢᠫᠣᠸ᠋ ᠢᠯᠡᠳᠬᠡᠬᠦ ᠳᠤ ᠪᠠᠨ᠂ ᠦᠽᠪᠧᠺᠰᠲ᠋ᠠᠨ ᠳᠤᠮᠳᠠᠳᠤ ᠤᠯᠤᠰ ᠪᠣᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠬᠤᠶᠠᠷ ᠤᠯᠤᠰ ᠤᠨ ᠬᠠᠷᠢᠴᠠᠭ᠎ᠠ ᠶᠢᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠃ ᠳᠤᠮᠳᠠᠳᠤ ᠶᠢᠨ ᠲᠠᠯ᠎ᠠ ᠦᠽᠪᠧᠺᠰᠲ᠋ᠠᠨ ᠤ ᠲᠠᠯ᠎ᠠ ᠶᠢᠨ ᠬᠢᠵᠢᠭ ᠲᠠᠢ ᠲᠡᠮᠡᠴᠡᠬᠦ ᠳᠤ ᠦᠵᠡᠭᠦᠯᠦᠭᠰᠡᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠬᠠᠮᠲᠤᠷᠠᠯᠴᠠᠭᠠᠨ ᠤ ᠵᠥᠪᠯᠡᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠬᠠᠷᠢᠯᠴᠠᠨ ᠬᠤᠯᠪᠣᠭᠠᠯᠠᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠴᠢᠨᠠᠭᠰᠢᠳᠠ ᠥᠷᠭᠡᠳᠬᠡᠨ ᠭᠦᠨᠵᠡᠭᠡᠶᠢᠷᠡᠭᠦᠯᠵᠦ᠂ ᠦᠽᠪᠧᠺᠰᠲ᠋ᠠᠨ ᠳᠤᠮᠳᠠᠳᠤ ᠶᠢᠨ ᠬᠠᠷᠢᠴᠠᠭ᠎ᠠ ᠪᠣᠯᠤᠨ ᠬᠠᠮᠲᠤᠷᠠᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ᠃ ᠦᠽᠪᠧᠺᠰᠲ᠋ᠠᠨ ᠤ ᠲᠠᠯ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠳᠦᠭᠦᠪᠴᠢ ᠲᠥᠰᠦᠪ ᠳᠣᠲᠣᠷᠠᠬᠢ ᠵᠣᠬᠢᠴᠠᠭᠤᠯᠤᠯᠲᠠ ᠬᠠᠮᠵᠢᠯᠴᠠᠭ᠎ᠠ ᠪᠠᠨ ᠴᠢᠩᠭᠠᠳᠬᠠᠨ᠎ᠠ ᠭᠡᠪᠡ᠃      ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ