ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ ᠦᠵᠡᠰᠬᠦᠯᠡᠩ ᠤᠨ ᠴᠤᠬᠯᠠᠭᠠᠨ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/6/10
      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠡ ᠶᠢᠨ 8 ᠤ ᠴᠠᠬᠢᠯᠭᠠᠨ ᠮᠡᠳᠡᠭᠡ 6 ᠰᠠᠷ᠎ᠡ ᠶᠢᠨ 8 ᠤ ᠡᠳᠤᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ ᠦᠵᠡᠰᠬᠦᠯᠡᠩ ᠤᠨ ᠴᠤᠬᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃       ᠰᠢ ᠶᠢᠨ ᠫᠢᠩ᠂ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ ᠬᠠᠮᠳᠤᠷᠠᠯᠴᠠᠭᠠᠨ ᠤ ᠲᠤᠬᠳᠠᠴᠠ ᠪᠤᠯ ᠲᠤᠮᠳᠠᠳᠤ ᠤᠯᠤᠰ ᠪᠤᠯᠤᠨ ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ ᠨᠦᠬᠦᠷᠯᠡᠯ ᠢᠶᠠᠨ ᠵᠤᠵᠠᠭᠠᠳᠬᠠᠵᠤ᠂ ᠬᠠᠮᠳᠤᠷᠠᠯᠴᠠᠭ᠎ᠠ ᠪᠠᠨ ᠦᠷᠭᠡᠳᠭᠡᠨ᠂ ᠬᠦᠭᠵᠢᠯᠳᠠ ᠶᠢ ᠬᠠᠮᠳᠤ ᠪᠠᠷ ᠡᠷᠢᠯᠬᠢᠯᠡᠬᠦ ᠴᠢᠬᠤᠯᠠ ᠲᠠᠪᠴᠠᠩ ᠪᠤᠯᠤᠨ᠎ᠡ᠃ ᠡᠨᠡ ᠵᠢᠯ ᠤᠨ 2 ᠰᠠᠷ᠎ᠡ ᠳᠤ᠂ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ ᠤᠳᠤᠷᠢᠳᠬᠤ ᠬᠦᠮᠦᠰ ᠤᠨ ᠲᠦᠷᠦᠬᠦᠴᠤᠳ ᠤᠨ ᠬᠤᠷᠠᠯ ᠠᠮᠵᠢᠯᠳᠠᠳᠠᠢ ᠬᠤᠷᠠᠯᠳᠤᠪᠠ᠂ ᠪᠢ ᠰᠢᠨ᠎ᠡ ᠪᠠᠶᠢᠳᠠᠯ ᠲᠤᠤᠷ᠎ᠡ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ ᠬᠠᠮᠳᠤᠷᠠᠯᠴᠠᠭ᠎ᠠ ᠨᠢ ᠪᠤᠳᠠᠳᠠᠢ ᠶᠢ ᠡᠷᠬᠢᠮᠯᠡᠬᠦ ᠴᠢᠭᠯᠡᠯ ᠢ ᠪᠠᠷᠢᠮᠳᠠᠯᠠᠵᠤ᠂ ᠬᠠᠷᠢᠯᠴᠠᠨ ᠠᠰᠢᠬᠳᠠᠢ ᠬᠠᠮᠳᠤ ᠪᠠᠷ ᠠᠰᠢᠭ ᠬᠦᠷᠳᠡᠬᠦ ᠬᠠᠮᠳᠤᠷᠠᠯᠴᠠᠭᠠᠨ ᠤ ᠦᠷ᠎ᠡ ᠪᠦᠳᠤᠭᠡᠯ ᠢᠶᠠᠨ ᠦᠷᠭᠡᠳᠭᠡᠬᠦ ᠶᠢ ᠴᠢᠬᠤᠯᠠᠴᠢᠯᠠᠵᠤ᠂ ᠬᠤᠶᠢᠰᠢᠳᠠ ᠶᠢᠨ 5 ᠵᠢᠯ ᠳᠤ ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠠᠴᠠ 1700 ᠳ᠋ᠦᠡᠭᠰᠢᠭᠤᠷ ᠳ᠋ᠤᠯᠯᠠᠷ ᠠᠴᠠ ᠲᠡᠭᠡᠭᠰᠢ ᠦᠷᠳᠡᠭ ᠪᠦᠬᠦᠢ ᠲᠠᠸᠠᠷ ᠢ ᠤᠷᠤᠭᠤᠯᠬᠤ ᠪᠠᠷ ᠲᠦᠯᠦᠪᠯᠡᠵᠤ᠂ ᠢᠷᠠᠬᠦ 5 ᠵᠢᠯ ᠳᠤ ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠠᠴᠠ ᠲᠠᠷᠢᠶᠠᠯᠠᠩ ᠤᠨ ᠪᠦᠳᠦᠭᠡᠭᠳᠡᠬᠦᠨ ᠢ ᠤᠷᠤᠭᠤᠯᠬᠤ ᠬᠡᠮᠵᠢᠶ᠎ᠡ ᠶᠢ ᠬᠤᠶᠠᠷ ᠲᠠᠬᠢᠨ ᠪᠤᠯᠭᠠᠨ ᠨᠡᠮᠡᠭᠳᠡᠬᠦᠯᠬᠦ ᠪᠠᠷ ᠴᠢᠷᠮᠠᠶᠢᠵᠤ᠂ ᠨᠢᠩᠪᠦ᠋ᠸᠧ ᠵᠡᠷᠭᠡ ᠭᠠᠵᠠᠷ ᠤᠨ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭᠠᠨ ᠤ ᠵᠢᠱᠢᠶ᠎ᠡ ᠦᠵᠡᠬᠦᠯᠬᠦ ᠤᠷᠤᠨ ᠤ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠬᠤ ᠪᠠᠷ ᠲᠤᠷᠠᠳᠪᠠ᠃ ᠬᠤᠯᠪᠤᠬᠳᠠᠯ ᠪᠦᠬᠦᠢ ᠡᠯ᠎ᠡ ᠲᠠᠯ᠎ᠡ ᠶᠢᠨ ᠬᠢᠨ ᠤ ᠬᠠᠮᠳᠤ ᠶᠢᠨ ᠴᠢᠷᠮᠠᠶᠢᠯᠭ᠎ᠠ ᠪᠠᠷ᠂ ᠲᠦᠷᠦᠬᠦᠴᠤᠳ ᠤᠨ ᠬᠤᠷᠠᠯ ᠤᠨ ᠡᠯ᠎ᠡ ᠵᠦᠢᠯ ᠤᠨ ᠦᠷ᠎ᠡ ᠪᠦᠳᠤᠭᠡᠯ ᠶᠠᠭ ᠨᠠᠶᠢᠳᠠᠪᠤᠷᠢᠵᠢᠭᠤᠯᠤᠬᠳᠠᠵᠤ ᠪᠠᠶᠢᠨ᠎ᠡ ᠭᠡᠵᠤ ᠵᠢᠭᠠᠵᠤ ᠭᠠᠷᠭᠠᠪᠠ᠃       ᠰᠢ ᠶᠢᠨ ᠫᠢᠩ᠂ ᠲᠤᠰ ᠬᠤᠭᠤᠴᠠᠭᠠᠨ ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ ᠦᠵᠡᠰᠬᠦᠯᠡᠩ ᠤᠨ ᠴᠤᠬᠯᠠᠭᠠᠨ ᠢ ᠡᠷᠬᠢᠯᠡᠭᠰᠡᠨ ᠨᠢ ᠲᠤᠮᠳᠠᠳᠤ ᠤᠯᠤᠰ ᠤᠨ ᠵᠠᠬ᠎ᠠ ᠲᠡᠯᠭᠡᠬᠦᠷ ᠤᠨ ᠲᠤᠮᠳᠠ ᠵᠡᠬᠦᠨ ᠡᠸᠦ᠋ᠷᠤᠫᠠ ᠶᠢᠨ ᠲᠠᠸᠠᠷ ᠤᠨ ᠲᠤᠬᠠᠢ ᠤᠢᠢᠯᠠᠭᠠᠯᠳᠠ ᠶᠢ ᠨᠡᠮᠡᠭᠳᠡᠬᠦᠯᠬᠦ ᠳᠤ ᠠᠰᠢᠬᠳᠠᠢ ᠂ ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ ᠲᠤᠮᠳᠠᠳᠤ ᠤᠯᠤᠰ ᠲᠠᠬᠢ ᠭᠠᠷᠭᠠᠯᠳᠠ ᠶᠢ ᠦᠷᠭᠡᠳᠭᠡᠬᠦ ᠳᠤ ᠠᠰᠢᠬᠳᠠᠢ᠂ ᠡᠯ᠎ᠡ ᠲᠠᠯ᠎ᠡ ᠶᠢᠨ ᠬᠢᠨ ᠤ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠠᠪᠴᠢᠷᠠᠬᠰᠡᠨ ᠦᠷᠢᠰᠦᠯᠳᠤᠭᠡᠨ ᠢ ᠢᠯᠡᠨ ᠲᠠᠪᠠᠵᠤ᠂ ᠠᠵᠤ ᠠᠬᠤᠢ ᠶᠢᠨ ᠰᠡᠷᠬᠦᠯᠳᠠ ᠶᠢ ᠠᠬᠢᠭᠤᠯᠬᠤ ᠳᠤ ᠠᠰᠢᠬᠳᠠᠢ ᠶᠤᠮ᠃ ᠡᠯ᠎ᠡ ᠲᠠᠯ᠎ᠡ ᠶᠢᠨ ᠬᠢᠨ ᠡᠬᠦᠨ ᠢᠶᠠᠷ ᠠᠵᠠ ᠲᠤᠬᠢᠶᠠᠯ ᠪᠤᠯᠭᠠᠵᠤ᠂ ᠬᠠᠮᠳᠤᠷᠠᠯᠴᠠᠭᠠᠨ ᠤ ᠲᠠᠯᠳᠠ ᠬᠦᠴᠤᠨ ᠢᠶᠠᠨ ᠲᠠᠰᠤᠷᠠᠯᠳᠠ ᠦᠭᠡᠢ ᠠᠭᠤᠳᠠᠯᠤᠨ᠂ ᠭᠠᠷ ᠬᠤᠯᠪᠤᠨ ᠨᠡᠩ ᠦᠷᠭᠡᠨ ᠬᠠᠮᠳᠤᠷᠠᠯᠴᠠᠭᠠᠨ ᠤ ᠤᠷᠤᠨ ᠵᠠᠢ ᠶᠢ ᠨᠡᠭᠡᠭᠡᠬᠦ ᠶᠢ ᠬᠦᠰᠡᠵᠤ ᠪᠠᠶᠢᠨ᠎ᠡ ᠭᠡᠵᠤ ᠴᠢᠬᠤᠯᠠᠴᠢᠯᠠᠪᠠ᠃       ᠬᠤᠶᠠᠳᠤᠭᠠᠷ ᠬᠤᠭᠤᠴᠠᠭᠠᠨ ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ ᠦᠵᠡᠰᠬᠦᠯᠡᠩ ᠤᠨ ᠴᠤᠬᠯᠠᠭᠠᠨ ᠡᠨᠡ ᠡᠳᠦᠷ ᠵᠧᠵᠢᠶᠠᠩ ᠮᠤᠵᠢ ᠶᠢᠨ ᠨᠢᠩᠪᠦ᠋ᠸᠧ ᠬᠤᠳᠠ ᠳᠤ ᠡᠬᠢᠯᠡᠵᠤ᠂ ︽ᠰᠢᠨ᠎ᠡ ᠪᠠᠶᠢᠷᠢᠰᠢᠯ ᠢ ᠪᠠᠶᠢᠭᠤᠯᠵᠤ᠂ ᠰᠢᠨ᠎ᠡ ᠠᠵᠠ ᠲᠤᠬᠢᠶᠠᠯ ᠢ ᠬᠠᠮᠳᠤ ᠪᠠᠷ ᠡᠳ᠋ᠯᠡᠬᠦ︾ ᠪᠠᠷ ᠭᠤᠤᠯ ᠰᠡᠳᠦᠪ ᠪᠤᠯᠭᠠᠪᠠ᠃ ᠦᠵᠡᠰᠬᠦᠯᠡᠩ ᠤᠨ ᠴᠤᠬᠯᠠᠭᠠᠨ ᠢ ᠬᠤᠳᠠᠯᠳᠤᠭᠠᠨ ᠤ ᠶᠠᠪᠤᠳᠠᠯ ᠤᠨ ᠶᠠᠮᠤᠨ ᠪᠠ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠮᠳᠤᠷᠠᠨ ᠡᠷᠬᠢᠯᠡᠵᠤ᠂ ᠲᠤᠮᠳᠠᠳᠤ ᠤᠯᠤᠰ ᠪᠠ ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠠᠴᠠ ᠢᠷᠡᠭᠰᠡᠨ ᠵᠤᠴᠢᠳ ᠪᠠ ᠠᠵᠤ ᠠᠬᠤᠢᠢᠯᠠᠯ ᠦᠵᠡᠰᠬᠦᠯᠡᠩ ᠳᠤ ᠤᠷᠤᠯᠴᠠᠵᠠᠢ᠃                ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ