ᠬᠠᠩᠭᠢᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ︽ᠵᠠᠰᠠᠭ ᠤᠨ ᠣᠷᠳᠣᠨ ᠤ ᠰᠠᠯᠠᠭ᠎ᠠ ᠮᠥᠴᠢᠷ︾  ᠤᠨ ᠭᠤᠷᠪᠠᠨ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2021/6/11
      6 ᠰᠠᠷ᠎ᠠ ᠶᠢᠨ 8 ᠤ ᠡᠳᠦᠷ᠂ ᠬᠠᠩᠭᠢᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ︽ᠵᠠᠰᠠᠭ ᠤᠨ ᠣᠷᠳᠣᠨ ᠤ ᠰᠠᠯᠠᠭ᠎ᠠ ᠮᠥᠴᠢᠷ︾ ᠤᠨ ᠭᠤᠷᠪᠠᠨ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠠ᠃ ᠬᠤᠰᠢᠭᠤᠨ ᠤ ᠤᠳᠤᠷᠢᠳᠤᠯᠭ᠎ᠠ ᠪᠠᠶ ᠶᠤᠸᠠᠢ᠂ ᠰᠥᠩ ᠵᠢᠶᠠᠨ ᠬᠥᠩ᠂ ᠸᠠᠩ ᠰᠢᠨ ᠯᠦ᠂ ᠴᠢᠶᠣᠤ ᠯᠢᠩ ᠵᠢᠶᠦ᠋ᠨ ᠣᠷᠣᠯᠴᠠᠵᠠᠶ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢᠦ ᠷᠦᠢ ᠫᠢᠩ ︽ᠭᠤᠷᠪᠠᠨ ᠲᠣᠭᠲᠠᠭᠠᠯ︾ ᠢ ᠨᠡᠶᠢᠲᠡᠯᠡᠭᠰᠡᠨ ᠠᠬᠤᠶ ᠪᠠᠶᠢᠳᠠᠯ᠂ ᠠᠴᠢ ᠬᠤᠯᠪᠣᠭᠳᠠᠯ᠂ ᠠᠭᠤᠯᠭ᠎ᠠ᠂ ᠬᠡᠷᠡᠭᠯᠡᠬᠦ ᠬᠡᠪᠴᠢᠶ᠎ᠡ᠂ ᠨᠡᠶᠢᠲᠡᠯᠢᠭ ᠬᠡᠷᠡᠭ ᠤᠨ ᠵᠢᠱᠢᠶ᠎ᠡ᠂ ᠱᠠᠭᠠᠷᠳᠠᠯᠭ᠎ᠠ ᠵᠡᠷᠭᠡ ᠶᠢᠨ ᠲᠤᠬᠠᠶ ᠤᠬᠠᠭᠤᠯᠤᠨ ᠲᠠᠶᠢᠯᠪᠤᠷᠢᠯᠠᠪᠠ᠃       ᠯᠢᠦ ᠷᠦᠢ ᠫᠢᠩ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠨᠢ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠵᠠᠩᠭᠢᠯᠠᠭ᠎ᠠ ᠶᠢᠨ ᠭᠤᠭᠴᠤᠭ᠎ᠠ ᠳᠤ ᠣᠷᠣᠵᠤ᠂ ᠬᠠᠤᠯᠢ ᠴᠠᠭᠠᠵᠠ ᠶᠢᠨ ᠠᠵᠢᠯ ᠳᠤ ᠭᠠᠷ ᠲᠦᠷᠦᠭᠦ ᠶᠢ ᠰᠡᠷᠭᠡᠶᠢᠯᠡᠬᠦ ︽ ᠭᠤᠷᠪᠠᠨ ᠲᠣᠭᠲᠠᠭᠠᠯ︾ ᠢ ᠵᠥᠷᠢᠴᠡᠭᠰᠡᠨ ᠶᠠᠪᠤᠳᠠᠯ ᠪᠣᠯ ᠠᠷᠬᠠᠭ ᠭᠡᠮ ᠢ ᠲᠤᠰᠬᠠᠶᠢᠯᠠᠨ ᠴᠡᠭᠴᠡᠯᠡᠨ ᠵᠠᠰᠠᠬᠤ ᠶᠢᠨ ᠲᠡᠷᠢᠭᠦᠨ ᠴᠢᠬᠤᠯᠠ ᠠᠰᠠᠭᠤᠳᠠᠯ ᠮᠥᠨ᠂ ᠥᠷᠭᠡᠨ ᠤᠯᠠᠨ ᠤᠳᠤᠷᠢᠳᠬᠤ ᠺᠠᠳ᠋ᠷ ᠪᠣᠯᠤᠨ ᠬᠠᠤᠯᠢ ᠴᠠᠭᠠᠵᠠ ᠶᠢᠨ ᠠᠵᠢᠯᠲᠠᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ︽ᠭᠤᠷᠪᠠᠨ ᠲᠣᠭᠲᠠᠭᠠᠯ︾ ᠢ ᠨᠠᠶᠢᠳᠠᠪᠤᠷᠢᠵᠢᠭᠤᠯᠬᠤ ᠶᠢ ︽ᠲᠦᠷᠪᠡᠨ ᠤᠬᠠᠮᠰᠠᠷ︾ ᠢᠶᠠᠨ ᠴᠢᠩᠭᠠᠳᠬᠠᠭᠰᠠᠨ ᠡᠰᠡᠬᠦ ᠶᠢ ᠰᠢᠯᠭᠠᠨ ᠪᠠᠶᠢᠴᠠᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠴᠢᠬᠤᠯᠠ ᠬᠡᠮᠵᠢᠭᠦᠷ ᠪᠣᠯᠭᠠᠵᠤ᠂ ︽ᠭᠤᠷᠪᠠᠨ ᠲᠣᠭᠲᠠᠭᠠᠯ︾ ᠢ ᠰᠠᠶᠢᠲᠤᠷ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃      ᠯᠢᠦ ᠷᠦᠢ ᠫᠢᠩ᠂ ᠤᠳᠤᠷᠢᠳᠤᠯᠭ᠎ᠠ ᠳᠠᠭᠠᠭᠤᠯᠬᠤ ᠶᠢ ᠪᠠᠷᠢᠮᠲᠠᠯᠠᠵᠤ᠂ ︽ᠲᠦᠷᠦᠭᠦᠴᠢ ᠭᠠᠯᠠᠭᠤ ᠶᠢᠨ ᠦᠢᠯᠡᠳᠦᠯ︾ ᠢ ᠰᠠᠶᠢᠲᠤᠷ ᠪᠠᠳᠠᠷᠠᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ᠦᠯᠢᠭᠡᠷ ᠳᠠᠭᠤᠷᠢᠶᠠᠯ ᠦᠵᠡᠭᠦᠯᠵᠦ᠂ ᠵᠣᠩᠬᠢᠯᠠᠬᠤ ᠤᠯᠠᠨ ᠲᠣᠭᠠᠲᠠᠨ ᠢ ᠲᠠᠶᠢᠴᠢᠯᠠᠨ ᠤᠬᠠᠮᠰᠠᠷ ᠠᠴᠠ ᠪᠠᠨ ᠭᠦᠢᠴᠡᠳᠬᠡᠭᠦᠯᠵᠦ᠂ ︽ ᠭᠤᠷᠪᠠᠨ ᠲᠣᠭᠲᠠᠭᠠᠯ︾ ᠤᠨ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠪᠠᠲᠤ ᠴᠢᠩᠭ᠎ᠠ ᠰᠠᠬᠢᠯᠭ᠎ᠠ ᠪᠠᠲᠤ ᠶᠢ ᠪᠠᠶᠢᠭᠤᠯᠬᠤ ᠬᠡᠷᠡᠭᠲᠡᠢ︔ ᠥᠷᠭᠡᠨ ᠳᠡᠯᠭᠡᠷ ᠭᠦᠨ ᠭᠦᠨᠵᠡᠭᠡᠢ ᠤᠬᠠᠭᠤᠯᠵᠤ᠂ ᠤᠯᠠᠨ ᠠᠷᠭ᠎ᠠ ᠵᠠᠮ ᠤᠯᠠᠨ ᠳᠡᠰ ᠳᠠᠪᠬᠤᠷᠭ᠎ᠠ ᠪᠦᠬᠦ ᠲᠠᠯ᠎ᠠ ᠪᠠᠷ ︽ᠭᠤᠷᠪᠠᠨ ᠲᠣᠭᠲᠠᠭᠠᠯ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠪᠣᠯᠤᠨ ᠳᠡᠮᠵᠢᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ︔ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠤᠯᠢ ᠪᠠᠷᠢᠬᠤ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠤᠨ ᠵᠣᠷᠢᠭ ᠰᠠᠨᠠᠭᠠᠨ ᠤ ᠮᠥᠨ ᠴᠢᠨᠠᠷ ᠪᠠ ᠭᠤᠤᠯ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠰᠢᠵᠦ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠲᠠᠷᠢᠬᠢᠨ ᠳᠠᠭᠠᠨ ᠬᠠᠳᠠᠩᠰᠢᠭᠤᠯᠤᠨ ᠰᠡᠳᠬᠢᠯ ᠳᠡᠭᠡᠨ ᠬᠠᠳᠠᠩᠰᠢᠭᠤᠯᠵᠤ᠂ ᠬᠤᠷᠢᠭ᠎ᠠ ᠱᠤᠭᠤᠮ ᠢ ᠰᠠᠬᠢᠵᠤ᠂ ᠪᠥᠬᠦ ᠬᠤᠰᠢᠭᠤᠨ ᠳᠤ ᠬᠠᠤᠯᠢ ᠲᠣᠭᠲᠠᠭᠠᠯ ᠶᠣᠰᠣᠭᠠᠷ ᠠᠵᠢᠯᠯᠠᠬᠤ᠂ ᠲᠥᠪ ᠭᠤᠤᠯᠴᠢ ᠰᠢᠳᠤᠷᠭᠤ ᠶᠣᠰᠣ ᠶᠢ ᠪᠠᠲᠤᠯᠠᠬᠤ᠂ ᠬᠠᠤᠯᠢ ᠪᠠᠷᠢᠬᠤ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ