ᠤᠷᠠᠳ ᠤᠨ ᠡᠮᠦᠨᠡᠳᠦ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠨᠠᠮ ᠤᠨ ᠲᠡᠦᠬᠡ ᠶᠢ ᠰᠣᠷᠣᠯᠴᠠᠬᠤ ᠪᠠᠷ ᠲᠠᠮᠵᠢᠨ᠂ ︿︿ᠦᠷᠯᠦᠬᠡ ᠶᠢᠨ | ᠪᠤᠯᠪᠠᠰᠤᠷᠠᠯ﹀﹀ ᠳᠤ ᠮᠦᠷᠯᠡᠨ ᠵᠢᠭᠰᠠᠬᠤ᠂ ᠦᠨᠳᠦᠰᠦᠨ ᠡᠩᠨᠡᠭᠡ᠂ ᠰᠠᠭᠤᠷᠢ ᠲᠠᠮᠢᠷ ᠭᠤᠷᠪᠠᠨ ᠶᠡᠭᠡ ᠲᠦᠷᠦᠯ ᠤᠨ 22 ᠪᠠᠭ᠎ᠠ ᠲᠦᠷᠦᠯ ᠤᠨ ᠲᠠᠮᠢᠷ ᠤᠨ | ᠪᠤᠯᠪᠠᠰᠤᠷᠠᠯ ᠬᠢᠵᠦ᠂ ︿︿ ᠤᠷᠤᠢ ᠶᠢᠨ ᠰᠣᠷᠣᠯᠴᠠᠯᠭ᠎ᠠ﹀﹀ ᠳᠤ ᠲᠦᠪᠯᠡᠷᠡᠬᠦᠯᠦᠨ ᠰᠤᠷᠤᠯᠴᠠᠬᠤ᠂ ᠭᠤᠤᠯ ᠰᠡᠳᠦᠪᠳᠦ ᠨᠠᠮ ᠤᠨ ᠡᠳᠦᠷᠯᠢᠭ ᠤᠨ ᠠᠵᠢᠯᠯᠠᠭ᠎ᠠ | ᠦᠷᠨᠢᠬᠦᠯᠬᠦ ᠪᠠ ᠪᠡᠶ᠎ᠡ ᠪᠠᠨ ᠲᠠᠭᠠᠭᠠᠵᠤ ᠰᠣᠷᠣᠯᠴᠠᠬᠤ ᠵᠡᠷᠭᠡ ᠬᠡᠯᠪᠡᠷᠢ ᠪᠠᠷ ᠶᠠᠪᠤᠭᠳᠠᠵᠤ᠂ ᠭᠤᠤᠯᠳᠠᠭᠤ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠤᠯᠤᠨ ᠶᠡᠷᠦᠩᠭᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠬᠤ ᠲᠤᠬᠠᠢ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠠᠦᠬᠡ ᠶᠢ ᠰᠣᠷᠣᠯᠴᠠᠵᠤ ᠪᠠᠶᠢᠨ᠎ᠠ᠃ ᠡᠳᠡᠬᠡᠷ ᠰᠤᠷᠤᠯᠴᠠᠯᠭ᠎ᠠ ᠠᠴᠠ ᠲᠠᠳᠠ ᠨᠠᠮ ᠤᠨ ᠲᠡᠦᠬᠡ ᠶᠢᠨ ᠦᠵᠡᠯ | ᠰᠠᠨᠠᠭ᠎ᠠ ᠶᠢ ᠤᠶᠢᠯᠠᠭᠠᠬᠤ᠂ ᠪᠤᠳᠠᠳᠤ ᠶᠠᠪᠤᠳᠠᠯ ᠬᠢᠬᠦ᠂ ᠰᠢᠨ᠎ᠡ ᠪᠠᠶᠢᠳᠠᠯ ᠢ ᠪᠤᠢ ᠪᠤᠯᠭᠠᠬᠤ ᠶᠢ ᠦᠨᠡᠨ ᠬᠦ᠋ ᠪᠡᠶᠡᠯᠡᠬᠦᠯᠵᠦ᠂ ᠰᠣᠷᠣᠯᠴᠠᠯᠭ᠎ᠠ ᠶᠢᠨ ᠦᠷ᠎ᠡ ᠪᠦᠳᠦᠬᠡᠯ ᠢ | ᠲᠤᠬᠠᠶᠢᠯᠠᠭᠰᠠᠨ ᠠᠵᠢᠯ ᠳᠤ ᠪᠠᠨ ᠲᠤᠭᠤᠰᠢᠯᠠᠭᠤᠯᠤᠨ᠂ ᠲᠤᠳᠤᠭᠠᠳᠤ ᠶᠢ ᠬᠠᠮᠠᠭᠠᠯᠠᠬᠤ ᠠᠵᠢᠯ ᠤᠨ ᠲᠠᠪᠰᠢᠯᠳᠠ ᠶᠢ ᠠᠬᠢᠭᠤᠯᠬᠤ ᠬᠦᠴᠦᠷᠬᠡᠭ ᠶᠡᠭᠡ ᠬᠦᠳᠡᠯᠬᠡᠬᠦ | ᠬᠦᠴᠦᠨ ᠪᠤᠯᠭᠠᠨ ᠬᠤᠪᠢᠷᠠᠭᠤᠯᠵᠤ᠂ ᠬᠦᠮᠦᠵᠢᠯ ᠴᠡᠭᠴᠡᠯᠡᠯᠳᠡ ᠶᠢᠨ ᠭᠤᠤᠯ ᠬᠦᠭ ᠠᠶᠠᠰ ᠢ ᠴᠢᠩᠭ᠎ᠠ ᠡᠵᠡᠮᠳᠡᠨ᠂ ᠶᠠᠰᠤ ᠴᠢᠨᠠᠷ ᠢᠶᠠᠨ ᠪᠠᠳᠤᠯᠠᠵᠤ ᠪᠠᠶᠢᠨ᠎ᠠ᠃ | |