ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠭᠲᠠᠭᠠᠭᠰᠠᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠬᠤ ᠵᠡᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/6/11
      ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠭᠲᠠᠭᠠᠭᠰᠠᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠬᠤ᠂ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠡᠮᠨᠡᠯᠭᠡ ᠶᠢᠨ ᠠᠵᠢᠯᠲᠠᠨ ᠤ ᠢᠳᠡᠪᠬᠢᠵᠢᠯ ᠢ ᠨᠠᠩ ᠰᠠᠶᠢᠲᠤᠷ ᠳᠠᠶᠢᠴᠢᠯᠠᠨ ᠠᠷᠠᠳ ᠣᠯᠠᠨ ᠳᠤ ᠨᠠᠩ ᠰᠠᠶᠢᠨ ᠦᠢᠯᠡᠴᠢᠯᠡᠭᠦᠯᠬᠦ ᠪᠠᠷ ᠪᠠᠶᠢᠷᠢᠯᠠᠭᠤᠯᠪᠠ      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 9 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠭᠲᠠᠭᠠᠭᠰᠠᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠬᠤ᠂ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠡᠮᠨᠡᠯᠭᠡ ᠶᠢᠨ ᠠᠵᠢᠯᠲᠠᠨ ᠤ ᠢᠳᠡᠪᠬᠢᠵᠢᠯ ᠢ ᠨᠠᠩ ᠰᠠᠶᠢᠲᠤᠷ ᠳᠠᠶᠢᠴᠢᠯᠠᠨ ᠠᠷᠠᠳ ᠣᠯᠠᠨ ᠳᠤ ᠨᠠᠩ ᠰᠠᠶᠢᠨ ᠦᠢᠯᠡᠴᠢᠯᠡᠭᠦᠯᠬᠦ ᠪᠠᠷ ᠪᠠᠶᠢᠷᠢᠯᠠᠭᠤᠯᠪᠠ ᠬᠤᠷᠠᠯ ᠠᠴᠠ ᠵᠢᠭᠠᠬᠤ ᠳᠤ ᠪᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠨᠢᠭᠡ ᠪᠦᠯᠦᠭ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ᠂ ᠰᠠᠭᠤᠷᠢ ᠲᠥᠬᠦᠭᠡᠷᠦᠮᠵᠢ᠂ ᠠᠮᠢ ᠠᠬᠤᠢ ᠶᠢᠨ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ᠂ ᠰᠣᠶᠣᠯ ᠢ ᠤᠯᠠᠮᠵᠢᠯᠠᠨ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠬᠤᠯᠪᠣᠭᠳᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠲᠦᠷᠦᠯ ᠵᠦᠢᠯ ᠢ ᠬᠡᠷᠡᠭᠵᠢᠭᠦᠯᠬᠦ ᠪᠡᠯᠡᠳᠬᠡᠯ ᠢ ᠡᠮᠬᠢ ᠵᠢᠷᠤᠮ ᠲᠠᠢ ᠰᠠᠶᠢᠲᠤᠷ ᠬᠢᠵᠦ᠂ ᠳᠡᠮᠵᠢᠬᠦ ᠲᠦᠷᠦ ᠶᠢᠨ ᠪᠤᠳᠤᠯᠭ᠎ᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠵᠣᠩᠬᠢᠯᠠᠬᠤ ᠤᠯᠠᠨ ᠲᠦᠷᠦᠯ ᠵᠦᠢᠯ ᠢ ᠵᠠᠯᠭᠠᠭ᠎ᠠ ᠪᠠᠷ ᠡᠬᠢᠯᠡᠭᠦᠯᠪᠡ᠃ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠠᠬᠤᠶ ᠶᠢᠨ ᠲᠣᠭᠲᠠᠪᠤᠷᠢᠲᠤ ᠪᠤᠰᠤ ᠲᠣᠭᠲᠠᠭᠤᠨ ᠪᠤᠰᠤ ᠬᠦᠴᠦᠨ ᠵᠦᠢᠯ ᠨᠡᠯᠢᠶᠡᠳ ᠤᠯᠠᠨ ᠪᠠᠶᠢᠬᠤ ᠤᠴᠢᠷ ᠠᠴᠠ ︽ᠪᠢᠯᠬᠠᠲᠠᠯ᠎ᠠ ᠤᠰᠤᠯᠠᠬᠤ︾ ᠦᠭᠡᠢ ᠪᠠᠶᠢᠬᠤ ᠶᠢ ᠪᠠᠷᠢᠮᠲᠠᠯᠠᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ᠂ ᠬᠠᠨᠳᠤᠯᠭᠠᠲᠤ ᠴᠢᠨᠠᠷ ᠢ ᠴᠢᠩᠭᠠᠷᠠᠭᠤᠯᠤᠨ᠂ ᠠᠵᠤ ᠠᠬᠤᠶ ᠶᠢᠨ ᠠᠵᠢᠯᠯᠠᠭᠠᠨ ᠢ ᠵᠣᠬᠢᠰᠲᠠᠶ ᠣᠷᠣᠨ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠪᠡ᠃ ᠬᠤᠷᠠᠯ ᠠᠴᠠ ᠱᠠᠭᠠᠷᠳᠠᠬᠤ ᠳᠤ ᠪᠠᠨ᠂ ᠠᠵᠤ ᠠᠬᠤᠢ ᠶᠢᠨ ᠵᠢᠮ᠎ᠡ ᠶᠣᠰᠣ ᠶᠢ ᠬᠦᠨᠳᠦᠳᠬᠡᠵᠦ᠂ ᠵᠠᠬ᠎ᠠ ᠳᠡᠯᠭᠡᠭᠦᠷᠴᠢᠯᠡᠬᠦ ᠵᠠᠷᠴᠢᠮ ᠢ ᠵᠢᠷᠤᠮᠯᠠᠵᠤ᠂ ᠰᠠᠭᠤᠷᠢ ᠶᠢ ᠪᠠᠲᠤᠳᠬᠠᠬᠤ᠂ ᠴᠢᠳᠠᠮᠵᠢ ᠶᠢ ᠨᠡᠮᠡᠭᠳᠡᠭᠦᠯᠬᠦ᠂ ᠠᠯᠤᠰ ᠬᠡᠳᠤ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠡᠷᠡᠭᠯᠡᠭᠡᠨ ᠤ ᠰᠠᠭᠤᠷᠢ ᠪᠣᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠶᠢᠨ ᠬᠠᠮᠲᠤ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠨᠢᠭᠡ ᠳᠤ᠂ ᠡᠮᠦᠨᠡᠬᠢ ᠬᠤᠭᠤᠴᠠᠭᠠᠨ ᠤ ᠠᠵᠢᠯ ᠢ ᠴᠢᠩᠭᠠᠳᠬᠠᠬᠤ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠳᠠᠬᠢ ᠴᠢᠬᠤᠯᠠ ᠶᠡᠭᠡ ᠢᠨᠵᠧᠨᠧᠷᠢᠩ ᠢ ᠪᠣᠳᠠᠲᠠᠶ ᠲᠥᠷᠥᠯ ᠵᠦᠢᠯ ᠳᠤ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠲᠥᠯᠥᠪᠵᠢᠭᠦᠯᠭᠡ ᠳᠤ ᠤᠷᠢᠳᠠᠪᠠᠷ ᠣᠷᠣᠭᠤᠯᠤᠨ᠂ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠢᠯ ᠬᠤᠪᠢᠶᠠᠨ ᠡᠮᠬᠢ ᠵᠢᠷᠤᠮ ᠲᠠᠢ ᠪᠠᠷ ᠠᠬᠢᠭᠤᠯᠵᠤ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ᠂ ᠨᠢᠭᠡ ᠪᠦᠯᠦᠭ ᠢ ᠨᠥᠭᠡᠴᠡᠯᠡᠬᠦ ᠰᠠᠶᠢᠨ ᠣᠷᠴᠢᠯ ᠢ ᠪᠦᠷᠢᠳᠦᠭᠦᠯᠬᠦ ᠬᠡᠷᠡᠭᠲᠡᠢ᠃ ᠲᠠᠩ ᠴᠣᠭᠴᠠᠲᠤ ᠴᠢᠬᠤᠯᠠ ᠶᠡᠭᠡ ᠲᠦᠷᠦᠯ ᠵᠦᠢᠯ ᠳᠤ ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠡᠭ ᠢ ᠲᠣᠩᠭᠤᠷᠠᠭᠤᠯᠤᠨ ᠪᠠᠶᠢᠷᠢᠯᠠᠭᠤᠯᠵᠤ᠂ ᠴᠡᠭ ᠢᠶᠠᠷ ᠤᠯᠠᠨ ᠬᠡᠪᠴᠢᠶ᠎ᠡ ᠪᠠᠷ ᠥᠷᠭᠡᠨ ᠪᠠᠷᠢᠯᠭ᠎ᠠ ᠶᠢᠨ ᠲᠦᠷᠦᠯ ᠵᠦᠢᠯ ᠳᠤ ᠭᠤᠣᠯᠳᠠᠯᠭ᠎ᠠ ᠶᠢ ᠲᠤᠪᠤᠶᠢᠯᠭᠠᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠪᠦᠳᠦᠭᠡᠨ ᠪᠠᠶᠢᠭᠤᠯᠬᠤ ᠳᠤ ᠬᠦᠴᠢᠷ ᠶᠡᠬᠡᠲᠡᠢ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠪᠠᠷ ᠥᠨᠳᠥᠷ ᠴᠢᠬᠤᠯᠠ ᠶᠡᠭᠡ ᠢᠨᠵᠧᠨᠧᠷᠢᠩ ᠳᠤ ᠬᠠᠶᠢᠨ ᠪᠠᠶᠢᠴᠠᠭᠠᠬᠤ᠂ ᠲᠥᠰᠦᠯ ᠢ ᠬᠠᠷᠢᠴᠠᠭᠤᠯᠤᠨ ᠰᠣᠩᠭᠤᠬᠤ ᠪᠠ ᠪᠣᠯᠣᠮᠵᠢᠲᠤ ᠰᠤᠳᠤᠯᠭᠠᠨ ᠢ ᠭᠦᠨᠵᠡᠭᠡᠶᠢᠷᠡᠭᠦᠯᠬᠦ ᠬᠡᠷᠡᠭᠲᠡᠢ᠃ ᠬᠤᠶᠠᠷ ᠲᠤ᠂ ᠳᠤᠮᠳᠠ ᠤᠷᠲᠤ ᠬᠤᠭᠤᠴᠠᠭᠠᠨ ᠤ ᠬᠥᠭᠵᠢᠯᠲᠡ ᠪᠠ ᠣᠨ ᠤ ᠠᠵᠤ ᠠᠬᠤᠶ ᠶᠢᠨ ᠠᠵᠢᠯᠯᠠᠭᠠᠨ ᠢ ᠨᠢᠭᠡᠳᠦᠯᠲᠡᠶ ᠲᠥᠯᠥᠪᠯᠡᠵᠦ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ᠲᠦᠷᠦ ᠶᠢᠨ ᠪᠤᠳᠤᠯᠭ᠎ᠠ ᠶᠢᠨ ᠲᠤᠯᠭᠠᠭᠤᠷᠢᠯᠠᠯ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠡᠨᠡ ᠵᠢᠯ ᠪᠠ ᠢᠷᠡᠬᠦ ᠵᠢᠯ ᠤᠨ ᠪᠡᠯᠡ ᠣᠷᠣᠭᠤᠯᠤᠯᠲᠠ ᠶᠢᠨ ᠡᠷᠴᠢᠮ ᠢ ᠵᠣᠬᠢᠰᠲᠠᠶ ᠡᠵᠡᠮᠳᠡᠬᠦ ᠶᠢᠨ ᠬᠠᠮᠲᠤ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤ ᠨᠢ ᠲᠠᠭᠠᠷᠠᠭᠤᠯᠤᠨ ᠵᠣᠬᠢᠰᠲᠠᠶ ᠲᠣᠬᠢᠷᠠᠭᠤᠯᠬᠤ ᠬᠡᠷᠡᠭᠲᠡᠢ᠃ ᠭᠤᠷᠪᠠ ᠳᠤ᠂ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠬᠠᠷᠭᠤᠭᠤᠯᠤᠨ ᠵᠥᠪᠰᠢᠶᠡᠷᠡᠬᠦ ᠲᠠᠰ ᠳᠠᠷᠠᠭᠠᠯᠠᠯ ᠢ ᠰᠢᠯᠢᠳᠡᠭᠵᠢᠭᠦᠯᠦᠨ ᠂ ᠴᠢᠬᠤᠯᠠ ᠪᠤᠰᠤ ᠬᠢᠨᠠᠨ ᠵᠥᠪᠰᠢᠶᠡᠷᠡᠬᠦ ᠶᠢ ᠪᠠᠭᠠᠰᠬᠠᠵᠤ᠂ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠬᠦ᠂ ᠪᠠᠯᠠ ᠮᠥᠩᠭᠦ ᠶᠢ ᠥᠨᠳᠥᠷ ᠦᠷ᠎ᠡ ᠪᠦᠲᠦᠮᠵᠢᠲᠡᠶ ᠪᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠲᠦᠷᠪᠡ ᠳᠤ᠂ ᠲᠥᠪ ᠤᠨ ᠲᠥᠰᠦᠪ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠥᠷᠢ ᠥᠭᠴᠡᠭᠡ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠨᠡᠶᠢᠭᠡᠮ ᠤᠨ ᠬᠦᠴᠦᠨ ᠢ ᠨᠡᠩ ᠭᠦᠢᠴᠡᠳ ᠲᠠᠶᠢᠴᠢᠯᠠᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠣᠷᠣᠯᠴᠠᠭᠤᠯᠬᠤ ᠬᠡᠷᠡᠭᠲᠡᠢ᠃ ᠲᠠᠪᠤ ᠳᠤ᠂ ᠱᠠᠯᠠᠪᠳᠠᠭᠤᠯᠤᠨ ᠵᠢᠯᠣᠭᠤᠳᠴᠤ ᠵᠣᠬᠢᠴᠠᠭᠤᠯᠬᠤ ᠶᠢ ᠴᠢᠩᠭᠠᠳᠬᠠᠵᠤ᠂ ᠦᠨᠡᠨ ᠬᠦ ᠪᠣᠳᠠᠲᠠᠢ ᠠᠵᠢᠯᠯᠠᠭᠰᠠᠨ᠂ ᠦᠷ᠎ᠡ ᠪᠦᠲᠦᠮᠵᠢ ᠪᠠᠷ ᠢᠯᠡᠷᠬᠡᠢ ᠭᠠᠵᠠᠷ ᠣᠷᠣᠨ ᠢ ᠤᠷᠮᠠᠰᠢᠭᠤᠯᠤᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠠᠬᠢᠭᠤᠯᠤᠭᠰᠠᠨ ᠢᠶᠠᠷ ᠠᠨᠠᠢ ᠳᠤ ᠨᠢ ᠱᠠᠯᠠᠪᠳᠠᠭᠤᠯᠬᠤ ᠪᠠᠨ ᠴᠢᠩᠭᠠᠳᠬᠠᠵᠤ᠂ ᠪᠦᠳᠦᠭᠡᠨ ᠪᠠᠶᠢᠭᠤᠯᠤᠯᠲᠠ ᠳᠤᠮᠳᠠᠬᠢ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠨ᠎ᠠ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠥᠷᠭᠡᠨ ᠤᠯᠠᠨ ᠡᠮᠨᠡᠯᠭᠡ ᠶᠢᠨ ᠠᠵᠢᠯᠲᠠᠳ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢ ᠰᠠᠬᠢᠨ ᠬᠠᠮᠠᠭᠠᠯᠠᠵᠤ᠂ ᠬᠢᠵᠢᠭ ᠲᠠᠢ ᠲᠡᠮᠡᠴᠡᠬᠦ ᠳᠤᠮᠳᠠ ᠳᠤᠪᠤᠶᠢᠮ᠎ᠠ ᠬᠤᠪᠢ ᠨᠡᠮᠡᠷᠢ ᠦᠵᠡᠭᠦᠯᠪᠡ᠃ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠠᠵᠢᠯᠲᠠᠨ ᠤ ᠵᠣᠬᠢᠰᠲᠠᠶ ᠴᠠᠯᠢᠩ ᠣᠯᠭᠤᠮᠵᠢ ᠶᠢ ᠪᠠᠲᠤᠯᠠᠨ᠂ ᠡᠮᠨᠡᠯᠭᠡ ᠶᠢᠨ ᠠᠵᠢᠯᠲᠠᠨ ᠤ ᠣᠯᠠᠨ ᠲᠦᠮᠡᠨ ᠳᠤ ᠦᠢᠯᠡᠴᠢᠯᠡᠬᠦ ᠢᠳᠡᠪᠬᠢᠵᠢᠯ ᠢ ᠨᠢ ᠤᠯᠠᠮ ᠨᠢᠭᠡ ᠠᠯᠬᠤᠮ ᠳᠠᠶᠢᠴᠢᠯᠠᠬᠤ ᠬᠡᠷᠡᠭᠲᠡᠶ᠃ ᠨᠢᠭᠡ ᠳᠤ᠂ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠥ ᠶᠢᠨ ᠲᠦᠪᠰᠢᠨ ᠢ ᠲᠣᠭᠲᠠᠭᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠯᠠᠨ ᠲᠦᠮᠡᠨ ᠤ ᠡᠪᠡᠳᠴᠢᠨ ᠦᠵᠡᠭᠦᠯᠬᠦ ᠪᠦᠬᠦᠯᠢ ᠴᠣᠭᠴᠠ ᠶᠢᠨ ᠳᠠᠷᠤᠭᠠᠰᠤ ᠶᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠥ ᠶᠢᠨ ᠲᠦᠪᠰᠢᠨ ᠢ ᠬᠥᠳᠡᠯᠦᠩᠭᠦᠶ ᠪᠠᠷ ᠳᠣᠭᠢᠷᠠᠭᠤᠯᠬᠤ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠡᠭᠦᠷᠭᠡ ᠬᠦᠨᠳᠦ᠂ ᠰᠢᠨᠵᠢᠯᠡᠬᠦ ᠤᠬᠠᠭᠠᠨ ᠤ ᠰᠤᠳᠤᠯᠤᠯ ᠵᠢᠭᠠᠨ ᠰᠤᠷᠭᠠᠯᠲᠠ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠵᠡᠷᠭᠡ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠵᠣᠬᠢᠰᠲᠠᠢ ᠬᠠᠷᠠᠭᠠᠯᠵᠠᠯ ᠬᠦᠷᠲᠡᠭᠡᠬᠦ ᠬᠡᠷᠡᠭᠲᠡᠢ᠃ ᠡᠯ᠎ᠡ ᠭᠠᠵᠠᠷ ᠠᠳᠠᠯᠢ ᠪᠤᠰᠤ ᠲᠠᠰ ᠳᠠᠪᠬᠤᠷᠭ᠎ᠠ ᠠᠳᠠᠯᠢ ᠪᠤᠰᠤ ᠰᠢᠨᠵᠢ ᠴᠢᠨᠠᠷ ᠲᠠᠢ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠬᠡᠮᠵᠢᠶ᠎ᠡ᠂ ᠦᠢᠯᠡᠴᠢᠯᠡᠭᠡᠨ ᠤ ᠶᠠᠰᠤ ᠴᠢᠨᠠᠷ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠴᠠᠯᠢᠩ ᠬᠥᠯᠥᠰᠥ ᠶᠢᠨ ᠶᠡᠷᠦᠩᠬᠡᠶ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠬᠡᠷᠡᠭᠲᠡᠶ᠃ ᠬᠤᠶᠠᠷ ᠲᠤ᠂ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠣᠲᠣᠭᠠᠳᠤ ᠬᠤᠪᠢᠶᠠᠷᠢᠯᠠᠯᠲᠠ ᠶᠢᠨ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠴᠠᠯᠢᠩ ᠬᠥᠯᠥᠰᠥ ᠶᠢᠨ ᠶᠡᠷᠦᠩᠬᠡᠶ ᠬᠡᠮᠵᠢᠶ᠎ᠡ ᠵᠢᠴᠢ ᠬᠤᠯᠪᠣᠭᠳᠠᠯ ᠪᠥᠬᠦᠶ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠵᠢᠯ ᠤᠨ ᠪᠠᠶᠢᠷᠢ ᠶᠢᠨ ᠠᠵᠢᠯ ᠤᠨ ᠪᠦᠲᠦᠮᠵᠢ ᠶᠢᠨ ᠴᠠᠯᠢᠩ ᠤᠨ ᠲᠦᠷᠢᠮ ᠢ ᠦᠷᠭᠦᠯᠵᠢᠯᠡᠨ ᠪᠦᠷᠢᠨᠰᠢᠭᠦᠯᠬᠦ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠤᠰᠤᠳ ᠨᠠᠩ ᠪᠦᠲᠦᠮᠵᠢᠲᠡᠶ ᠳᠣᠲᠣᠭᠠᠳᠤ ᠬᠤᠪᠢᠶᠠᠷᠢᠯᠠᠯᠲᠠ ᠶᠢᠨ ᠵᠠᠭᠪᠤᠷ ᠢ ᠡᠵᠡᠨ ᠮᠡᠳᠡᠨ ᠲᠣᠭᠲᠠᠭᠠᠵᠤ᠂ ᠵᠠᠩᠭᠢᠯᠠᠭ᠎ᠠ ᠶᠢᠨ ᠪᠠ ᠣᠯᠠᠨ ᠲᠦᠮᠡᠨ ᠳᠤ ᠪᠠᠴᠢᠮ ᠱᠠᠭᠠᠷᠳᠠᠭᠳᠠᠵᠤ ᠪᠠᠶᠢᠭ᠎ᠠ ᠠᠵᠢᠯ ᠤᠨ ᠪᠠᠶᠢᠷᠢ᠂ ᠠᠵᠢᠯ ᠤᠨ ᠪᠦᠲᠦᠮᠵᠢ ᠪᠠᠷ ᠲᠣᠪᠤᠶᠢᠮ᠎ᠠ ᠡᠮᠨᠡᠯᠭᠡ ᠶᠢᠨ ᠠᠵᠢᠯᠲᠠᠨ ᠵᠡᠷᠭᠡ ᠳᠠᠰᠢ ᠬᠡᠯᠪᠠᠶᠢᠯᠭᠡᠵᠦ᠂ ᠬᠦᠨᠳᠦ ᠡᠪᠡᠳᠴᠢᠨ ᠵᠡᠷᠭᠡ ᠲᠠᠯ᠎ᠠ ᠶᠢᠨ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠬᠤ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠬᠦ ᠶᠢ ᠠᠬᠢᠭᠤᠯᠵᠤ ᠴᠤ ᠪᠣᠯᠤᠨ᠎ᠠ᠃ ᠠᠵᠢᠯᠯᠠᠭᠰᠠᠨ ᠣᠨ ᠨᠢ ᠣᠬᠤᠷ ᠡᠮᠴᠢ ᠶᠢᠨ ᠬᠥᠯᠥᠰᠥ ᠣᠯᠭᠤᠮᠵᠢ ᠶᠢᠨ ᠲᠦᠪᠰᠢᠨ ᠢ ᠵᠣᠬᠢᠰᠲᠠᠶ ᠳᠡᠭᠡᠭᠰᠢᠯᠡᠭᠦᠯᠵᠦ᠂ ᠣᠷᠣᠨ ᠲᠤᠭ᠎ᠠ ᠶᠢᠨ ᠳᠣᠲᠣᠨ᠎ᠠ ᠭᠠᠳᠠᠨᠠᠬᠢ ᠬᠥᠮᠦᠰ ᠤᠨ ᠬᠥᠯᠥᠰᠥ ᠣᠯᠭᠤᠮᠵᠢ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠬᠡᠷᠡᠭᠲᠡᠢ᠃       ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃       ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ