ᠮᠠᠨ ᠤ ᠤᠷᠤᠨ ᠮᠠᠯ ᠠᠵᠤ ᠠᠬᠤᠶ ᠲᠠᠷᠢᠶᠠᠯᠠᠩ ᠤᠨ ᠳᠠᠪᠠᠭᠤᠯᠢᠭ ᠠᠵᠤ ᠦᠢᠯᠡᠰ ᠤᠨ ᠰᠦᠷᠦᠭᠵᠢᠯ ᠤᠨ 85 ᠠᠵᠤ ᠠᠬᠤᠶᠢᠯᠠᠯ ᠢ ᠬᠦᠬᠢᠭᠦᠯᠪᠠ
ᠨᠡᠶᠢᠲᠡᠯᠡᠭᠰᠡᠨ ᠴᠠᠭ᠄
2021/6/15
      ᠤᠢᠢᠷ᠎ᠠ ᠳᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠳᠡ ᠶᠢᠨ ᠲᠠᠭᠠᠭᠤᠯᠤᠭᠴᠢ ᠠᠵᠤ ᠠᠬᠤᠶᠢᠯᠠᠯ ᠤᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠵᠢᠴᠢ ᠭᠡᠰᠢᠭᠦᠳ ᠤᠨ ᠲᠥᠯᠥᠭᠡᠯᠡᠭᠴᠢᠳ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠮᠠᠯ ᠠᠵᠤ ᠠᠬᠤᠶ ᠲᠠᠷᠢᠶᠠᠯᠠᠩ ᠤᠨ ᠳᠠᠪᠠᠭᠤᠯᠢᠭ ᠠᠵᠤ ᠦᠢᠯᠡᠰ ᠤᠨ ᠰᠦᠷᠦᠭᠵᠢᠯ ᠤᠨ 85 ᠠᠵᠤ ᠠᠬᠤᠶᠢᠯᠠᠯ ᠢ ᠬᠦᠬᠢᠬᠦᠯᠪᠡ᠃      ᠬᠤᠷᠠᠯ ᠳᠡᠭᠡᠷ᠎ᠡ᠂ ︽ᠥᠪᠥᠷ ᠮᠣᠩᠭᠤᠯ ᠤᠨ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠭᠰᠡᠨ ᠰᠢᠯᠢᠳᠡᠭ ᠲᠠᠭᠠᠭᠤᠯᠤᠭᠴᠢ ᠠᠵᠤ ᠠᠬᠤᠶᠢᠯᠠᠯ︾ ᠪᠤᠯᠤᠨ ︽ᠥᠪᠥᠷ ᠮᠣᠩᠭᠤᠯ ᠤᠨ ᠮᠠᠯ ᠠᠵᠤ ᠠᠬᠤᠶ ᠲᠠᠷᠢᠶᠠᠯᠠᠩ ᠤᠨ ᠳᠠᠪᠠᠭᠤᠯᠢᠭ ᠠᠵᠤ ᠦᠢᠯᠡᠰ ᠤᠨ ᠰᠦᠷᠦᠭᠵᠢᠯ ᠤᠨ ᠳᠠᠭᠠᠭᠤᠯᠤᠭᠴᠢ ᠠᠵᠤ ᠠᠬᠤᠶᠢᠯᠠᠯ︾ ᠤᠨ ᠨᠡᠷᠡᠰ ᠢ ᠨᠡᠶᠢᠲᠡᠯᠡᠭᠰᠡᠨ ᠪᠥᠭᠡᠳ ᠱᠠᠩᠨᠠᠯ ᠣᠯᠭᠤᠪᠠ᠃ ︽ᠥᠪᠥᠷ ᠮᠣᠩᠭᠤᠯ ᠤᠨ ᠮᠠᠯ ᠠᠵᠤ ᠠᠬᠤᠶ ᠲᠠᠷᠢᠶᠠᠯᠠᠩ ᠤᠨ ᠳᠠᠪᠠᠭᠤᠯᠢᠭ ᠠᠵᠤ ᠦᠢᠯᠡᠰ ᠤᠨ ᠰᠦᠷᠦᠭᠵᠢᠯ ᠤᠨ ᠳᠠᠭᠠᠭᠤᠯᠤᠭᠴᠢ ᠠᠵᠤ ᠠᠬᠤᠶᠢᠯᠠᠯ︾ ᠨᠢ ᠰᠦ᠂ ᠡᠷᠳᠡᠨᠢ ᠰᠢᠰᠢ᠂ ᠮᠢᠬᠠᠨ ᠤ ᠬᠤᠨᠢ᠂ ᠮᠢᠬᠠᠨ ᠤ ᠦᠬᠡᠷ᠂ ᠢᠮᠠᠭᠠᠨ ᠨᠤᠤᠯᠤᠭᠤᠷ᠂ ᠲᠥᠮᠥᠰᠥ ᠵᠡᠷᠭᠡ ᠬᠦᠷᠢᠶ᠎ᠠ ᠴᠠᠷᠠᠭ᠎ᠠ ᠳᠤ ᠬᠤᠯᠪᠣᠭᠳᠠᠵᠤ᠂ ᠢᠯᠢ ᠪᠦᠯᠦᠭᠯᠡᠯ᠂ ᠮᠧᠩ ᠨᠢᠤ ᠪᠦᠯᠦᠭᠯᠡᠯ᠂ ᠲᠦᠩᠯᠢᠶᠣᠤ ᠶᠢᠨ ᠮᠧᠶ ᠬᠤᠸᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 85 ᠲᠠᠭᠠᠭᠤᠯᠤᠭᠴᠢ ᠠᠵᠤ ᠠᠬᠤᠶᠢᠯᠠᠯ ᠬᠦᠬᠢᠬᠦᠯᠦᠭᠳᠡᠭᠰᠡᠨ ᠪᠠᠶᠢᠨ᠎ᠠ᠃ ᠤᠳᠤ ᠮᠠᠨ ᠤ ᠤᠷᠤᠨ ᠳᠤ ᠤᠯᠤᠰ ᠤᠨ ᠲᠠᠰ ᠤᠨ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰᠵᠢᠯᠳᠡ ᠶᠢᠨ ᠭᠤᠤᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ 46᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰᠵᠢᠯᠳᠡ ᠶᠢᠨ ᠭᠤᠤᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ 670 ᠪᠣᠯᠵᠣ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠤᠮᠳᠠᠳᠤ ᠤᠯᠤᠰ ᠤᠨ ᠠᠯᠳᠠᠷᠳᠤ ᠲᠠᠸᠠᠷ ᠤᠨ ᠲᠡᠮᠳᠡᠭ 73 ᠪᠤᠯᠵᠠᠢ᠃ ᠪᠣᠬᠢᠷᠲᠤᠯ ᠥᠬᠡᠶ᠂ ᠣᠷᠭᠠᠨᠢᠭ᠂ ᠭᠠᠵᠠᠷ ᠵᠦᠶ ᠶᠢᠨ ᠢᠯᠡᠷᠭᠡᠶᠢᠯᠡᠯᠳᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ 2136 ᠪᠣᠯᠵᠣ᠂ ᠣᠷᠭᠠᠨᠢᠭ ᠪᠦᠲᠦᠭᠡᠭᠳᠡᠬᠦᠨ ᠤ ᠭᠠᠷᠤᠯᠲᠠ ᠪᠠᠷ ᠪᠥᠬᠦ ᠤᠯᠤᠰ ᠲᠤ ᠲᠦᠷᠦᠭᠦᠯᠡᠵᠤ ᠪᠤᠢ᠃      ᠣᠶᠢᠷ᠎ᠠ ᠶᠢᠨ ᠵᠢᠯ ᠳᠤ᠂ ᠮᠠᠨ ᠤ ᠣᠷᠣᠨ ᠮᠠᠯ ᠠᠵᠤ ᠠᠬᠤᠶ ᠲᠠᠷᠢᠶᠠᠯᠠᠩ ᠤᠨ ᠲᠥᠷᠥᠯ ᠲᠡᠮᠳᠡᠭ ᠢ ᠮᠠᠨᠳᠤᠭᠤᠯᠬᠤ ᠠᠵᠢᠯᠯᠠᠭ᠎ᠠ ᠪᠠ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭ ᠤᠨ ᠤᠬᠠᠭᠤᠯᠭ᠎ᠠ᠂ ᠲᠠᠨᠢᠯᠴᠠᠭᠤᠯᠭ᠎ᠠ᠂ ᠦᠵᠡᠭᠦᠯᠭᠡ ᠪᠠ ᠪᠣᠷᠣᠯᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠥᠷᠭᠡᠳᠬᠡᠬᠦ ᠪᠠ ᠲᠥᠷᠥᠯ ᠲᠡᠮᠳᠡᠭ ᠤᠨ ᠦᠷᠳᠡᠭ ᠢ ᠳᠡᠭᠡᠭᠰᠢᠯᠡᠭᠦᠯᠪᠡ᠃ ᠠᠮᠤ ᠲᠣᠰᠣ᠂ ᠦᠬᠡᠷ ᠬᠤᠨᠢᠨ ᠮᠢᠬ᠎ᠠ᠂ ᠲᠥᠮᠥᠰᠥ᠂ ᠴᠠᠭᠠᠨ ᠢᠳᠡᠭᠡᠨ᠂ ᠨᠡᠷᠡᠨ ᠬᠤᠸᠠᠷ ᠤᠨ ᠦᠷ᠎ᠡ ᠵᠡᠷᠭᠡ ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠢ ᠤᠯᠤᠰ ᠤᠨ ᠳᠣᠲᠣᠭᠠᠳᠤ ᠶᠢᠨ ᠬᠡᠷᠡᠭᠯᠡᠭᠴᠢᠳ ᠤᠨ ᠬᠦᠷᠢᠶᠡᠯᠡᠯ ᠢ ᠣᠯᠤᠭᠰᠠᠨ ᠪᠦᠭᠡᠳ ᠧᠦ᠋ᠷᠣᠫᠠ᠂ ᠠᠮᠧᠷᠢᠺᠠ᠂ ᠶᠠᠫᠣᠨ᠂ ᠺᠣᠷᠢᠶᠠ᠂ ᠳᠤᠮᠳᠠᠳᠤ ᠳᠣᠷᠣᠨᠠᠲᠤ᠂ ᠵᠡᠭᠦᠨ ᠡᠮᠦᠨᠡᠲᠦ ᠠᠽᠢᠶ᠎ᠠ ᠵᠡᠷᠭᠡ ᠤᠯᠤᠰ ᠤᠷᠤᠨ ᠢᠶᠠᠷ ᠴᠦ ᠪᠤᠷᠤᠯᠠᠭᠤᠯᠭ᠎ᠠ ᠰᠠᠶᠢᠳᠠᠢ ᠪᠤᠯᠤᠭᠰᠠᠨ ᠪᠠᠶᠢᠨ᠎ᠠ᠃ 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ