ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 11 ᠤ ᠴᠠᠬᠢᠯᠭᠠᠨ ᠮᠡᠳᠡᠭᠡ 6 ᠰᠠᠷ᠎ᠠ ᠶᠢᠨ 11 ᠤ ᠡᠳᠦᠷ᠂ ᠤᠯᠤᠰ ᠤᠨ ᠲᠡᠷᠢᠬᠦᠯᠡᠭᠴᠢ ᠰᠢ ᠶᠢᠨ | ᠫᠢᠩ ᠤᠬᠤᠨ᠎ᠠ ᠶᠢᠨ ᠬᠦᠷᠡᠯᠰᠦ᠋ᠭᠡ ᠳᠤ ᠴᠠᠬᠢᠯᠭᠠᠨ ᠴᠢᠮᠡᠭᠡ ᠶᠠᠪᠤᠭᠤᠯᠵᠦ᠂ ᠲᠡᠬᠦᠨ ᠤ ᠮᠤᠩᠭᠤᠯ ᠤᠯᠤᠰ ᠤᠨ ᠶᠡᠷᠦᠩᠭᠡᠶᠢᠯᠡᠭᠴᠢ ᠪᠠᠷ ᠰᠤᠩᠭᠤᠭᠳᠠᠭᠰᠠᠨ ᠳᠤᠨᠢ ᠪᠠᠶᠠᠷ | ᠬᠦᠷᠭᠡᠪᠡ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠮᠤᠩᠭᠤᠯ ᠪᠤᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠦᠬᠦᠷᠰᠡᠭ ᠬᠦᠷᠰᠢ ᠪᠠ | ᠦᠨᠡᠨᠴᠢ ᠬᠠᠮᠳᠤᠷᠠᠯᠴᠠᠭᠠᠨ ᠤ ᠬᠠᠨᠢᠳᠠᠨ ᠮᠦ᠋ᠨ᠃ ᠤᠳᠤᠬᠠᠨ ᠳᠤ᠂ ᠬᠤᠶᠠᠷ ᠤᠯᠤᠰ ᠤᠨ ᠬᠠᠷᠢᠯᠴᠠᠭᠠᠨ ᠤ ᠬᠦᠭᠵᠢᠯᠳᠠ ᠶᠢᠨ ᠬᠠᠨᠳᠤᠰᠢ ᠰᠠᠶᠢᠨ ᠪᠠᠶᠢᠨ᠎ᠠ᠃ ᠰᠢᠨ᠎ᠠ | ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠳᠤᠮᠳᠠᠳᠤ ᠮᠤᠩᠭᠤᠯ ᠬᠤᠶᠠᠷ ᠤᠯᠤᠰ ᠤᠨ ᠵᠠᠰᠠᠭ ᠤᠨ ᠤᠷᠳᠤᠨ ᠪᠠ | ᠠᠷᠠᠳ ᠲᠦᠮᠡᠨ ᠬᠠᠳᠠᠭᠤ ᠪᠡᠷᠭᠡᠰᠢᠶᠠᠯ ᠢ ᠬᠠᠮᠳᠤ ᠪᠠᠷ ᠳᠤᠭᠤᠯᠤᠨ᠂ ᠭᠠᠷ ᠬᠤᠯᠪᠤᠨ ᠬᠢᠵᠢᠭ ᠲᠠᠢ ᠲᠡᠮᠡᠴᠡᠵᠦ᠂ ᠢᠳᠡᠪᠬᠢᠳᠠᠢ ᠠᠮᠵᠢᠯᠳᠠ ᠤᠯᠵᠠᠢ᠃ ᠪᠢ ᠳᠤᠮᠳᠠᠳᠤ | ᠮᠤᠩᠭᠤᠯ ᠤᠨ ᠬᠠᠷᠢᠯᠴᠠᠭᠠᠨ ᠤ ᠬᠦᠭᠵᠢᠯᠳᠠ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ ᠪᠠᠶᠢᠨ᠎ᠠ᠂ ᠳᠤᠷᠠᠳᠠᠶ᠎ᠠ ᠲᠠᠨ ᠲᠠᠢ ᠬᠠᠮᠳᠤ ᠪᠠᠷ ᠴᠢᠷᠮᠠᠶᠢᠵᠦ ᠪᠠᠶᠢᠭᠠᠳ | ᠳᠤᠮᠳᠠᠳᠤ ᠮᠤᠩᠭᠤᠯ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠳᠠᠰᠤᠷᠠᠯᠳᠠ ᠦᠭᠡᠢ ᠰᠢᠨ᠎ᠠ ᠠᠬᠢᠯᠳᠠ ᠲᠠᠢ ᠪᠤᠯᠬᠤ ᠶᠢ | ᠬᠦᠳᠦᠯᠦᠨ ᠳᠠᠭᠠᠭᠤᠯᠤᠨ᠎ᠠ ᠭᠡᠵᠦ ᠵᠢᠭᠠᠵᠦ ᠭᠠᠷᠭᠠᠪᠠ᠃ | |