ᠪᠦᠬᠦ ᠤᠯᠤᠰ ᠤᠨ ᠵᠢᠱᠢᠶ᠎ᠡ ᠦᠵᠡᠭᠦᠯᠵᠦ ᠲᠠᠨᠢᠯᠴᠠᠭᠤᠯᠬᠤ ᠨᠡᠷᠡᠰ ᠤᠨ ᠵᠢᠭᠰᠠᠭᠠᠯᠲᠠ ᠳᠤ ᠪᠠᠶᠠᠨᠨᠠᠭᠤᠷ ᠤᠨ 2 ᠨᠡᠶᠢᠭᠡᠮ ᠲᠣᠭᠤᠷᠢᠭ ᠣᠷᠣᠪᠠ
ᠨᠡᠶᠢᠲᠡᠯᠡᠭᠰᠡᠨ ᠴᠠᠭ᠄
2021/6/15
      ︽ᠵᠢᠱᠢᠶ᠎ᠡ ᠦᠵᠡᠭᠦᠯᠬᠦ ᠴᠢᠨᠠᠷᠲᠠᠶ ᠪᠥᠬᠦ ᠤᠯᠤᠰ ᠤᠨ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠨᠠᠰᠤᠵᠢᠯ ᠲᠠᠷᠬᠠᠭᠠᠭᠰᠠᠨ ︹ 2020 ︺ 23 ᠳ᠋ᠤᠭᠠᠷ ᠲᠣᠭᠠᠲᠤ︶ ᠪᠠ ︽2021 ᠣᠨ ᠤ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠨᠠᠰᠤᠵᠢᠯ ᠤᠨ ᠵᠠᠬᠢᠳᠠᠯ ︹ 2021 ︺ 25 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠵᠢᠯᠣᠭᠤᠳᠣᠯᠭ᠎ᠠ ᠳᠣᠤᠷ᠎ᠠ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠨᠢ ︽ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠬᠤᠲᠠ ᠬᠥᠳᠡᠭᠡ ᠶᠢᠨ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠤᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠣᠰᠣᠭᠠᠷ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠵᠤ᠂ ︽ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠤᠨ ᠬᠤᠪᠢ ᠲᠣᠭᠲᠠᠭᠠᠬᠤ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠦᠨᠳᠦᠰᠦᠯᠡᠨ 31 ᠨᠡᠶᠢᠭᠡᠮ ᠲᠣᠭᠤᠷᠢᠭ ᠢ ᠰᠢᠯᠭᠠᠷᠠᠭᠤᠯᠤᠨ ᠭᠠᠷᠭᠠᠪᠠ᠃ ᠡᠳᠦᠭᠡ ᠨᠡᠶᠢᠭᠡᠮ ᠲᠣᠭᠤᠷᠢᠭ ᠲᠤ ᠲᠠᠨᠢᠯᠴᠠᠭᠤᠯᠤᠭᠰᠠᠨ ᠨᠡᠷᠡᠰ ᠢ ᠢᠯᠡ ᠨᠡᠶᠢᠲᠡᠯᠡᠶ᠎ᠡ᠃          ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠲᠠᠨᠢᠯᠴᠠᠭᠤᠯᠬᠤ ᠪᠠᠷ ᠪᠠᠶᠢᠭ᠎ᠠ ᠨᠡᠶᠢᠭᠡᠮ ᠲᠣᠭᠤᠷᠢᠭ ᠲᠤ ᠣᠨᠳᠣᠤ ᠰᠠᠨᠠᠯ ᠲᠠᠢ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠤᠶᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠠᠯᠪᠠᠨ ᠬᠡᠷ ᠲᠤ ᠪᠠᠶᠢᠳᠠᠯ ᠢᠶᠠᠨ ᠲᠤᠰᠬᠠᠵᠤ ᠪᠣᠯᠤᠨ᠎ᠠ᠃         ᠵᠠᠷᠯᠠᠨ ᠨᠡᠶᠢᠲᠡᠯᠡᠬᠦ ᠬᠤᠭᠤᠴᠠᠭ᠎ᠠ᠄ 2021 ᠣᠨ ᠤ 6 ᠰᠠᠷ᠎ᠠ ᠶᠢᠨ 11 ᠤ ᠡᠳᠦᠷ ᠠᠴᠠ 6 ᠰᠠᠷ᠎ᠠ ᠶᠢᠨ 18 ᠤ ᠡᠳᠦᠷ ᠪᠣᠯᠲᠠᠯ᠎ᠠ      ᠬᠢᠨᠠᠯᠲᠠ ᠲᠠᠯᠪᠢᠬᠤ ᠤᠲᠠᠰᠤ᠄ 0471-6944661᠂ 6944730 ︵ᠹᠠᠺᠰ︶      ᠳᠠᠭᠠᠯᠳᠤᠭᠤᠯᠤᠯ᠄ ︽ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ︾ ᠤᠨ ᠲᠠᠨᠢᠯᠴᠠᠭᠤᠯᠬᠤ ᠨᠡᠷᠡᠰ                         2021 ᠣᠨ ᠤ 6 ᠰᠠᠷ᠎ᠠ ᠶᠢᠨ 11
W020210614377621580456.jpg
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ