ᠤᠷᠠᠳ ᠰᠣᠶᠣᠯ ᠤᠨ ᠠᠵᠤ  ᠦᠢᠯᠡᠰ ᠤᠨ  ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ 466 ᠬᠥᠮᠦᠨ ᠢ ᠲᠠᠶᠢᠴᠢᠯᠠᠨ ᠠᠵᠢᠯ ᠣᠯᠭᠤᠪᠠ
ᠨᠡᠶᠢᠲᠡᠯᠡᠭᠰᠡᠨ ᠴᠠᠭ᠄
2021/6/4
      2021 ᠣᠨ ᠤ 5 ᠰᠠᠷ᠎ᠠ ᠶᠢᠨ ᠰᠡᠭᠦᠯᠴᠢ ᠪᠣᠯᠲᠠᠯ᠎ᠠ᠂ ᠤᠷᠠᠳ ᠤᠨ ᠰᠣᠶᠣᠯ ᠤᠨ ᠠᠵᠤ  ᠦᠢᠯᠡᠰ  ᠤᠨ  ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ 466 ᠬᠥᠮᠦᠨ ᠢ ᠲᠠᠶᠢᠴᠢᠯᠠᠨ ᠠᠵᠢᠯ ᠣᠯᠭᠤᠵᠤ᠂ ᠤᠷᠠᠳ ᠤᠨ ᠳᠤᠮᠳᠠᠳᠤ ᠬᠤᠰᠢᠭᠤᠨ ᠤ ᠠᠵᠢᠯ ᠣᠯᠭᠤᠯᠲᠠ ᠪᠠ ᠳᠠᠬᠢᠨ ᠠᠵᠢᠯ ᠣᠯᠭᠤᠯᠲᠠ ᠶᠢᠨ ᠠᠵᠢᠯ ᠢ ᠬᠦᠴᠦᠲᠡᠶ ᠠᠬᠢᠭᠤᠯᠪᠠ᠃ ᠣᠶᠢᠯᠠᠭᠠᠭᠰᠠᠨ ᠢᠶᠠᠷ᠂ ᠤᠷᠠᠳ ᠤᠨ ᠰᠣᠶᠣᠯ ᠤᠨ ᠠᠵᠤ ᠤᠶᠢᠯᠡᠰ ᠤᠨ ᠶᠡᠷᠦᠩᠬᠡᠶ ᠪᠠᠯᠠ ᠣᠷᠣᠭᠤᠯᠤᠯᠲᠠ ᠨᠢ 130 ᠲᠦᠮᠡᠨ ᠲᠥᠭᠦᠷᠢᠭ ᠪᠠᠶᠢᠵᠤ᠂ 2019 ᠣᠨ ᠤ 1 ᠰᠠᠷ᠎ᠠ ᠶᠢᠨ 9 ᠤ ᠡᠳᠦᠷ ᠠᠴᠠ ᠡᠵᠡᠩᠨᠡᠯᠲᠡ ᠪᠠᠨ ᠡᠬᠢᠯᠡᠬᠦᠯᠵᠤ᠂ ᠬᠠᠯᠢᠭᠤᠲᠤ ᠶᠡᠭᠡ ᠵᠡᠭᠡᠯᠢ ᠶᠢᠨ ᠭᠤᠤᠯ ᠵᠡᠭᠡᠯᠢ ᠭᠤᠳᠤᠮᠵᠢ ᠶᠢᠨ ᠬᠥᠭᠵᠢᠶᠡᠨᠲᠦ ᠭᠠᠵᠠᠷ ᠲᠤ ᠪᠠᠶᠢᠷᠢᠯᠠᠨ᠂ ᠪᠠᠷᠢᠯᠭ᠎ᠠ ᠶᠢᠨ ᠶᠡᠷᠤᠩᠬᠡᠢ ᠲᠠᠯᠠᠪᠠᠶ ᠨᠢ 1500 ᠲᠡᠭᠰᠢ ᠳᠥᠷᠪᠡᠯᠵᠢᠨ  ᠮᠧᠲᠷ  ᠪᠠᠶᠢᠵᠤ᠂ ᠭᠤᠤᠯ ᠵᠡᠭᠡᠯᠢ ᠳᠤ 7 ᠲᠠᠰᠤᠯᠭ᠎ᠠ ᠲᠡᠯᠬᠡᠬᠦᠷ ᠲᠠᠢ ᠪᠠᠶᠢᠵᠦ᠂  ᠦᠢᠯᠡᠰ ᠴᠣᠭᠴᠠᠯᠠᠬᠤ ᠠᠵᠢᠯᠯᠠᠭᠠᠨ ᠤ ᠥᠷᠥᠭᠡ ᠨᠠᠶᠢᠳᠠ 16 ᠲᠠᠰᠤᠯᠭ᠎ᠠ ᠪᠠᠶᠢᠨ᠎ᠠ᠃ ᠡᠯ᠎ᠡ ᠲᠦᠷᠦᠯ ᠤᠨ ᠴᠢᠳᠠᠮᠵᠢᠳᠤ ᠲᠠᠰᠤᠭ ᠨᠠᠶᠢᠳᠠ 7 ᠲᠠᠰᠤᠯᠭ᠎ᠠ ᠪᠠᠶᠢᠵᠤ᠂ ᠭᠤᠤᠯᠳᠠᠭᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠪᠤᠯᠤᠨ ᠬᠤᠲᠠ ᠣᠷᠣᠵᠤ ᠤᠶᠢᠯᠡᠰ ᠪᠤᠰᠬᠠᠵᠦ ᠪᠠᠶᠢᠭ᠎ᠠ ᠮᠠᠯᠴᠢᠨ ᠲᠠᠷᠢᠶᠠᠴᠢᠤᠨ᠂ ᠨᠤᠲᠤᠭ ᠲᠠᠭᠠᠨ ᠪᠤᠴᠠᠵᠤ ᠠᠳᠠᠯ  ᠦᠢᠯᠡᠰ ᠴᠣᠭᠴᠠᠯᠠᠭᠰᠠᠳ᠂ ᠴᠠᠭᠠᠨ ᠢᠳᠡᠭᠡ ᠦᠢᠯᠡᠳᠬᠦ ᠂ ᠪᠣᠷᠣᠯᠠᠭᠤᠯᠬᠤ᠂ ᠮᠣᠩᠭᠤᠯ ᠬᠤᠪᠴᠠᠰᠤ ᠵᠠᠰᠠᠯ᠂ ᠮᠥᠩᠭᠦᠨ ᠡᠳ᠋ᠯᠡᠯ ᠬᠡᠷᠡᠭᠰᠡᠯ᠂ ᠬᠠᠰ ᠴᠢᠯᠠᠭᠤ ᠡᠳ᠋ᠰᠢᠭᠦᠯᠦᠨ ᠦᠶ᠋ᠯᠡᠳᠬᠦ᠂ ᠪᠣᠷᠣᠯᠠᠭᠤᠯᠬᠤ᠂ ᠦᠨᠳᠦᠰᠦᠲᠡᠨ  ᠤ ᠭᠠᠷ ᠤᠷᠠᠯᠠᠯ ᠤᠨ ᠪᠦᠲᠦᠭᠡᠭᠳᠡᠬᠦᠨ ᠵᠢᠷᠤᠵᠤ ᠲᠥᠯᠥᠪᠯᠡᠨ ᠦᠶ᠋ᠯᠡᠳᠬᠦ ᠵᠡᠷᠭᠡ ᠠᠵᠢᠯ ᠲᠥᠷᠥᠯ ᠤᠨ ᠠᠳᠠᠯ  ᠦᠢᠯᠡᠰ ᠴᠣᠭᠴᠠᠯᠠᠵᠤ᠂ ᠰᠢᠨ᠎ᠡ ᠶᠢ ᠡᠭᠦᠳᠬᠦ ᠠᠵᠢᠯ ᠳᠤ ᠲᠤᠬᠢᠷᠠᠮᠵᠢᠳᠠᠢ ᠰᠠᠶᠢᠬᠠᠨ ᠤᠷᠴᠢᠨ ᠲᠤᠭᠤᠷᠢᠨ ᠬᠠᠩᠭᠠᠵᠦ᠂ ᠣᠳᠣᠬᠠᠨ ᠳᠤ᠂ ᠰᠠᠭᠤᠷᠢᠨ ᠭᠠᠵᠠᠷ ᠲᠤ ᠨᠢᠭᠡᠨᠲᠡ ᠬᠠᠰ ᠡᠳ᠋ᠯᠡᠯ ᠬᠢᠬᠦ᠂ ᠮᠣᠩᠭᠤᠯ ᠬᠤᠪᠴᠠᠰᠤ ᠵᠠᠰᠠᠯ᠂ ᠴᠠᠭᠠᠨ ᠢᠳᠡᠭᠡ᠂ ᠬᠦᠬᠦᠷ᠂ ᠮᠥᠩᠭᠦᠨ ᠵᠠᠰᠠᠯ ᠵᠡᠷᠭᠡ 23 ᠠᠵᠤ ᠠᠬᠤᠶᠢᠯᠠᠯ ᠵᠢᠩᠬᠢᠨᠢ ᠪᠠᠷ ᠣᠷᠣᠨ ᠰᠠᠭᠤᠵᠤ ᠂ 466 ᠬᠥᠮᠦᠨ ᠳᠤ ᠠᠵᠢᠯ ᠤᠨ ᠪᠠᠶᠢᠷᠢ ᠬᠠᠩᠭᠠᠨ᠂ ᠦᠷᠭᠡᠨ ᠤᠯᠠᠨ ᠤᠶᠢᠯᠡᠰ ᠪᠤᠰᠬᠠᠭᠴᠢᠤᠨ ᠲᠤ ᠰᠠᠶᠢᠨ ᠰᠠᠶᠢᠬᠠᠨ ᠤᠷᠴᠢᠨ ᠲᠤᠭᠤᠷᠢᠨ ᠬᠠᠩᠭᠠᠭᠰᠠᠨ ᠪᠠᠶᠢᠨ᠎ᠠ  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ