ᠬᠠᠩᠭᠢᠨ ᠬᠤᠶᠢᠲᠤ ᠬᠤᠰᠢᠭᠤᠨ ᠤ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠶᠢ ᠭᠦᠨᠵᠡᠭᠡᠶ ᠠᠬᠢᠭᠤᠯᠪᠠ
ᠨᠡᠶᠢᠲᠡᠯᠡᠭᠰᠡᠨ ᠴᠠᠭ᠄
2021/6/7
      ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢᠨ ᠲᠥᠯᠥᠭᠡ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ ᠪᠡᠯᠡ ᠮᠥᠩᠭᠦ ᠬᠤᠷᠠᠮᠳᠤᠭᠤᠯᠬᠤ ᠳᠤ ᠬᠦᠴᠢᠷ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠲᠥᠯᠥᠭᠡ᠂ ᠤᠢᠢᠷ᠎ᠠ ᠶᠢᠨ ᠡᠳᠦᠷ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠴᠦ ᠪᠠᠶᠢᠭ᠎ᠠ︾ ᠠᠵᠤ ᠠᠬᠤᠶᠢᠯᠠᠯ᠂ ᠬᠤᠷᠰᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠠᠩᠭᠢᠨ ᠬᠤᠶᠢᠲᠤ ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠤᠷᠠᠯᠳᠤᠵᠠᠢ᠃ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠬᠡᠷ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠢᠴᠢ ᠬᠠᠩᠭᠢᠨ ᠬᠤᠶᠢᠲᠤ ᠬᠤᠰᠢᠭᠤᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠠᠵᠤ ᠠᠬᠤᠶᠢᠯᠠᠯ᠂ ᠬᠤᠷᠰᠢᠶ᠎ᠠ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠮᠥᠩᠭᠦᠨ ᠭᠦᠢᠯᠭᠡᠭᠡᠨ ᠤ ᠦᠢᠯᠡᠳᠭᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠰᠦᠯ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠵᠢᠱᠢᠶᠡᠯᠡᠪᠡᠯ ᠠᠮᠢᠳᠤ ᠮᠠᠯ ᠠᠵᠤ ᠠᠬᠤᠶ ᠶᠢᠨ ᠪᠠᠷᠢᠴᠠᠭᠠᠲᠦ ᠵᠢᠭᠡᠯᠡᠯᠭᠡ᠂ ᠳᠠᠭᠠᠳᠬᠠᠯ ᠤᠨ ᠬᠠᠭᠤᠳᠠᠰᠤ ᠶᠢᠨ ᠪᠠᠲᠤᠯᠠᠭᠠᠲᠤ ᠵᠢᠭᠡᠯᠡᠯᠭᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠲᠦ ᠵᠢᠭᠡᠯᠡᠯᠭᠡ ᠵᠡᠷᠭᠡ ᠶᠢ ᠲᠠᠨᠢᠯᠴᠠᠭᠤᠯᠵᠤ ᠂ ᠡᠯ᠎ᠡ ᠲᠥᠷᠥᠯ ᠤᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠤ ᠣᠷᠣᠬᠤ ᠶᠢ ᠵᠥᠪᠰᠢᠶᠡᠷᠡᠬᠦ ᠨᠥᠬᠦᠴᠡᠯ᠂ ᠪᠠᠷᠢᠴᠠᠭᠠᠲᠦ ᠳᠠᠭᠠᠭᠠᠯᠲᠠ ᠪᠤᠶᠤ ᠢᠲᠡᠭᠡᠮᠵᠢᠲᠦ ᠵᠢᠭᠡᠯᠡᠯᠭᠡ ᠶᠢᠨ ᠠᠷᠭ᠎ᠠ ᠮᠠᠶ᠋ᠢᠭ᠂ ᠵᠢᠭᠡᠯᠡᠯᠭᠡ ᠶᠢᠨ ᠬᠦᠤ ᠶᠢᠨ ᠨᠣᠷᠮ᠎ᠠ᠂ ᠵᠢᠭᠡᠯᠡᠯᠭᠡ ᠪᠤᠴᠠᠭᠠᠬᠤ ᠠᠮᠢᠳᠤᠯᠢᠭ ᠬᠡᠮᠵᠢᠶ᠎ᠡ ᠵᠡᠷᠭᠡ ᠬᠦᠴᠦᠨ ᠵᠦᠢᠯ ᠢ ᠨᠠᠷᠢᠨ ᠲᠣᠳᠣᠷᠬᠠᠶ ᠥᠭᠦᠯᠡᠭᠰᠡᠨ ᠪᠠᠶᠢᠨ᠎ᠠ᠃ ᠠᠵᠤ ᠠᠬᠤᠶᠢᠯᠠᠯ ᠥᠪᠡᠷ ᠤᠨ ᠡᠵᠡᠩᠨᠡᠯᠲᠡ ᠶᠢᠨ ᠪᠠᠶᠢᠳᠠᠯ ᠪᠠ ᠪᠠᠯᠠ ᠲᠣᠬᠢᠷᠠᠭᠤᠯᠭ᠎ᠠ ᠶᠢᠨ ᠬᠦᠰᠡᠯ ᠱᠠᠭᠠᠷᠳᠠᠯᠭ᠎ᠠ ᠲᠠᠢ ᠪᠠᠨ ᠤᠶᠠᠯᠳᠤᠭᠤᠯᠤᠨ ᠪᠠᠩᠬᠢ ᠲᠠᠢ ᠵᠣᠯᠭᠠᠯᠳᠤᠭᠤᠯᠤᠨ ᠵᠥᠪᠳᠡᠯᠴᠡᠭᠰᠡᠨ ᠪᠥᠭᠡᠳ ᠬᠠᠷᠢᠭᠤ ᠲᠤᠰᠬᠠᠯ ᠢ ᠣᠯᠤᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠪᠣᠯ ᠵᠠᠰᠠᠭ ᠤᠨ ᠣᠷᠳᠣᠨ ᠠᠴᠠ ᠪᠠᠩᠬᠢ ᠪᠣᠯᠤᠨ ᠠᠵᠤ ᠠᠬᠤᠶᠢᠯᠠᠯ ᠤᠨ ᠬᠤᠭᠤᠷᠣᠨᠳᠣᠬᠢ ᠪᠡᠯᠡ ᠲᠣᠬᠢᠷᠠᠭᠤᠯᠭ᠎ᠠ ᠶᠢᠨ ᠵᠥᠪᠳᠡᠯᠴᠡᠭᠡᠨ ᠤ ᠲᠠᠪᠴᠠᠩ ᠪᠠᠶᠢᠭᠤᠯᠵᠤ᠂ ᠪᠡᠯᠡ ᠮᠥᠩᠭᠦᠨ ᠤ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢᠨ ᠨᠡᠩ ᠭᠦᠨᠵᠡᠭᠡᠶ ᠣᠶᠢᠯᠠᠭᠠᠯᠴᠠᠭ᠎ᠠ ᠶᠢ ᠠᠬᠢᠭᠤᠯᠵᠤ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠵᠦ᠂ ᠪᠠᠩᠬᠢ ᠪᠣᠯᠤᠨ ᠠᠵᠤ ᠠᠬᠤᠶᠢᠯᠠᠯ ᠤᠨ ᠬᠤᠭᠤᠷᠣᠨᠳᠣᠬᠢ ᠨᠡᠩ ᠶᠡᠭᠡ ᠨᠡᠩ ᠰᠠᠶᠢᠨ ᠬᠠᠮᠲᠤᠷᠠᠯᠴᠠᠭ᠎ᠠ ᠶᠢ ᠪᠡᠶᠡᠯᠡᠭᠦᠯᠵᠦ ᠂ ᠬᠠᠩᠭᠢᠨ ᠬᠤᠶᠢᠲᠤ ᠬᠤᠰᠢᠭᠤᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠭᠠᠷ ᠬᠤᠯᠪᠣᠯᠴᠠᠨ ᠬᠠᠷᠢᠯᠴᠠᠭ᠎ᠠ ᠬᠤᠯᠪᠣᠭ᠎ᠠ ᠪᠠᠨ ᠴᠢᠩᠭᠠᠳᠬᠠᠵᠤ᠂ ᠪᠦᠬᠦ ᠲᠠᠯ᠎ᠠ ᠶᠢᠨ᠂ ᠤᠷᠲᠤ ᠬᠤᠭᠤᠴᠠᠭᠠᠨ ᠤ᠂ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠳᠤ ᠠᠰᠢᠭᠲᠠᠶ ᠶᠤᠮ᠃       ᠲᠣᠰ ᠤᠳᠠᠭᠠᠨ ᠤ ᠬᠤᠷᠠᠯ ᠢᠶᠠᠷ ᠳᠡᠮᠵᠢᠨ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠪᠠᠩᠬᠢ ᠠᠵᠤ ᠠᠬᠤᠶᠢᠯᠠᠯ ᠢ ᠵᠣᠯᠭᠠᠭᠤᠯᠤᠨ ᠬᠠᠮᠲᠤᠷᠠᠯᠴᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠣᠯᠠᠨ ᠲᠦᠮᠡᠨ ᠳᠤ ᠦᠨᠡᠨ ᠬᠦ ᠪᠣᠳᠠᠲᠠᠶ ᠠᠵᠢᠯ ᠬᠢᠵᠦ᠂ ᠰᠠᠶᠢᠨ ᠠᠵᠢᠯ ᠬᠢᠵᠦ ᠥᠭᠬᠦ ᠪᠣᠯᠤᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ