ᠳ᠋ᠧᠩᠺᠸᠤ ᠶᠢᠨ ︽ᠬᠡᠷᠡᠯ ᠴᠡᠨᠡᠭ ᠢᠶᠠᠷ ᠡᠯᠡᠰᠦ ᠶᠢ ᠵᠠᠰᠠᠬᠤ + ᠡᠨᠧᠷᠭᠢ ᠬᠠᠳᠠᠭᠠᠯᠠᠬᠤ ᠵᠦᠶ᠋ᠯᠡᠰ︾ ᠢ ᠲᠣᠤᠷ ᠲᠤ ᠨᠡᠶᠢᠯᠡᠭᠦᠯᠦᠨ ᠰᠢᠯᠭᠠᠨ ᠬᠤᠷᠢᠶᠠᠪᠠ
ᠨᠡᠶᠢᠲᠡᠯᠡᠭᠰᠡᠨ ᠴᠠᠭ᠄
2021/6/7
      ᠪᠠᠶᠠᠨᠨᠠᠭᠤᠷ ᠬᠤᠲᠠ ᠶᠢᠨ ᠭᠦᠸᠧ ᠬᠤᠸᠠ ᠳ᠋ᠧᠩᠺᠸᠤ ᠶᠢᠨ 100 ᠰᠠᠶ᠎ᠠ ᠸᠠᠲ ᠤᠨ ᠬᠡᠷᠡᠯ ᠤᠨ ᠡᠨᠧᠷᠭᠢ ᠶᠢᠨ ᠬᠠᠳᠠᠭᠠᠯᠠᠮᠵᠢ ᠶᠢᠨ ᠡᠯᠡᠰᠦ ᠵᠠᠰᠠᠬᠤ ᠲᠥᠷᠥᠯ ᠵᠦᠶ᠋ᠯ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠣᠶᠢᠷ᠎ᠠ ᠳᠤ ᠠᠮᠵᠢᠯᠲᠠ ᠲᠠᠢ ᠪᠠᠷ ᠴᠠᠬᠢᠯᠭᠠᠨ ᠭᠠᠷᠭᠠᠵᠤ᠂ ᠵᠢᠩᠬᠢᠨᠢ ᠪᠠᠷ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ᠃       ᠲᠣᠰ ᠲᠥᠷᠥᠯ ᠵᠦᠶ᠋ᠯ ᠪᠣᠯ ᠪᠠᠶᠠᠨᠨᠠᠭᠤᠷ ᠣᠷᠣᠨ ᠤ ᠠᠩᠬᠠᠳᠠᠭᠴᠢ ᠡᠯᠡᠰᠦ ᠶᠢ ᠵᠠᠰᠠᠬᠤ ᠬᠡᠷᠡᠯ ᠴᠡᠨᠡᠭ ᠤᠨ ᠲᠥᠷᠥᠯ ᠵᠦᠶ᠋ᠯ ᠪᠣᠯᠤᠨ᠎ᠠ᠂ ᠠᠩᠬ᠎ᠠ ᠤᠳᠠᠭ᠎ᠠ ᠲᠣᠤᠷ ᠲᠤ ᠨᠡᠶᠢᠯᠡᠭᠦᠯᠦᠭᠰᠡᠨ ᠪᠠᠭᠲᠠᠭᠠᠮᠵᠢ ᠨᠢ 1.26 ᠲᠦᠮᠡᠨ ᠺᠢᠯᠣᠸᠠᠲ ᠲᠤ ᠬᠦᠷᠴᠦ᠂ ᠮᠠᠰᠢᠨ ᠴᠣᠭᠴᠠᠯᠠᠪᠤᠷᠢ ᠶᠢᠨ ᠬᠡᠮᠵᠢᠶ᠎ᠡ ᠨᠢ 10 ᠲᠦᠮᠡᠨ ᠺᠢᠯᠣᠸᠠᠲ ᠲᠤ ᠬᠦᠷᠴᠦ᠂ ᠪᠥᠬᠦ ᠦᠶᠡᠯᠡᠯ ᠤᠨ ᠬᠤᠭᠤᠴᠠᠭᠠᠨ ᠳᠤ ᠵᠢᠯ ᠪᠦᠷᠢ ᠳᠤᠮᠳᠠᠴᠢ ᠪᠠᠷ 1819 ᠴᠠᠭ ᠬᠡᠷᠡᠭᠯᠡᠵᠦ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 2.14 ᠳ᠋ᠦᠩᠰᠢᠭᠤᠷ ᠭᠷᠠᠳᠦ᠋ᠰ ᠲᠤ ᠬᠥᠷᠬᠦ ᠪᠣᠯᠤᠨ᠎ᠠ᠃ ᠴᠠᠬᠢᠯᠭᠠᠨ ᠭᠠᠷᠭᠠᠬᠤ ᠲᠦᠷᠦᠯ ᠵᠦᠢᠯ ᠢ ᠪᠦᠳᠦᠭᠡᠨ ᠪᠠᠶᠢᠭᠤᠯᠬᠤ ᠶᠢᠨ ᠬᠠᠮᠲᠤ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠠᠮᠢ ᠠᠬᠤᠢ ᠪᠠᠷ ᠡᠯᠡᠰᠦ ᠶᠢ ᠵᠠᠰᠠᠬᠤ᠂ ᠡᠯᠡᠰᠦ ᠮᠠᠩᠬ᠎ᠠ ᠶᠢ ᠲᠣᠭᠤᠷᠢᠨ ᠦᠵᠡᠬᠦ ᠶᠢ ᠨᠢᠭᠡ ᠴᠤᠭᠴᠠᠵᠢᠭᠤᠯᠵᠤ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ 3800 ᠮᠦ ᠣᠷᠴᠢᠮ ᠤᠨ ᠡᠯᠡᠰᠦ ᠮᠠᠩᠬ᠎ᠠ ᠶᠢᠨ ᠠᠮᠢ ᠠᠬᠤᠢ ᠶᠢ ᠰᠡᠷᠭᠦᠭᠡᠨ ᠵᠠᠰᠠᠬᠤ ᠶᠢ ᠪᠡᠶᠡᠯᠡᠭᠦᠯᠦᠨ᠎ᠡ᠃       ᠣᠶᠢᠯᠠᠭᠠᠭᠰᠠᠨ ᠢᠶᠠᠷ᠂ ᠲᠣᠰ ᠲᠥᠷᠥᠯ ᠵᠦᠶ᠋ᠯ ᠨᠢ 2 ᠳ᠋ᠤᠭᠠᠷ ᠰᠠᠷ᠎ᠠ ᠳᠤ ᠰᠦᠯᠵᠢᠶ᠎ᠡ ᠶᠢ ᠭᠥᠯᠢᠶᠡᠨ ᠠᠪᠬᠤ ᠭᠤᠶᠤᠴᠢᠯᠠᠯ ᠢᠶᠠᠨ ᠳᠡᠪᠰᠢᠭᠦᠯᠦᠭᠰᠡᠨ ᠤ ᠳᠠᠷᠠᠭ᠎ᠠ ᠂ ᠪᠠᠶᠠᠨᠨᠠᠭᠤᠷ ᠤᠨ ᠴᠠᠬᠢᠯᠭᠠᠨ ᠤ ᠦᠶ᠋ᠯᠡᠰ ᠤᠨ ᠲᠣᠪᠴᠢᠶ᠎ᠠ ︽ ᠰᠠᠭᠠᠳ ᠥᠬᠡᠶ ᠨᠡᠪᠲᠡᠷᠡᠬᠦ ᠵᠠᠮ︾ ᠢ ᠦᠳᠲᠡᠷ ᠲᠦᠷᠭᠡᠨ ᠨᠡᠭᠡᠭᠡᠵᠦ᠂ ᠰᠦᠯᠵᠢᠶ᠎ᠡ ᠳᠤ ᠨᠡᠶᠢᠯᠡᠭᠦᠯᠬᠦ ᠦᠶ᠋ᠯᠡᠴᠢᠯᠡᠭᠡᠨ ᠤ ᠶᠠᠪᠤᠴᠠ ᠶᠢ ᠳᠥᠭᠦᠮᠴᠢᠯᠡᠨ᠂ ᠵᠠᠩᠭᠢᠯᠠᠭ᠎ᠠ ᠶᠢᠨ ᠴᠡᠭ ᠤᠨ ᠡᠭᠦᠷᠭᠡ ᠶᠢ ᠲᠣᠳᠣᠷᠬᠠᠶᠢᠯᠠᠵᠤ᠂ ᠵᠥᠪᠬᠡᠨ 70 ᠡᠳᠦᠷ ᠤᠨ ᠳᠣᠲᠣᠷ᠎ᠠ ᠰᠦᠯᠵᠢᠶ᠎ᠡ ᠳᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠦᠭᠰᠡᠨ ᠪᠠᠶᠢᠨ᠎ᠠ᠃  
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ