ᠮᠠᠨ ᠤ ᠬᠤᠲᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠬᠤᠶᠠᠳᠤᠭᠠᠷ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/7
      6 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠯᠢᠨ ᠾᠧ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᡁᠢ ᠫᠢᠩ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠬᠤᠶᠠᠳᠤᠭᠠᠷ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠴᠡᠭ ᠲᠤ ᠰᠠᠭᠤᠭ᠎ᠠ ᠠᠷᠪᠠᠳᠤᠭᠠᠷ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠥᠬᠦᠶ ᠪᠦᠷᠢᠯᠳᠦᠬᠦᠨ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠦᠸᠧ ᠵᠢᠶᠦ᠋ᠨ ᠶᠤᠸᠠᠨ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠨᠢᠦ ᠹᠠᠩ ᠽᠧ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠵᠠᠩ ᠴᠢᠩ ᠶᠤᠸᠠᠢ᠂ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠠᠨ ᠬᠤᠷᠠᠯ ᠳᠤ ᠣᠷᠣᠯᠴᠠᠵᠠᠶ᠃   ᠬᠤᠷᠠᠯ ᠳᠡᠭᠡᠷ᠎ᠡ᠂ ᠯᠦᠸᠧ ᠵᠢᠶᠦ᠋ᠨ ᠶᠤᠸᠠᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠬᠤᠭᠤᠴᠠᠭᠠᠨ ᠳᠤ ᠮᠠᠨ ᠤ ᠬᠤᠲᠠ ᠶᠢᠨ ᠬᠢᠨ ︽ᠥᠪᠡᠷ ᠢ ᠪᠠᠨ ᠪᠠᠶᠢᠴᠠᠭᠠᠪᠠᠯ ᠠᠭᠤᠴᠢᠯᠠᠨ ᠰᠢᠢᠳᠬᠡᠬᠦ︾ ᠪᠠ ︽ᠪᠠᠶᠢᠴᠠᠭᠠᠭᠳᠠᠭᠰᠠᠳ ᠢ ᠴᠢᠩᠭ᠎ᠠ ᠰᠢᠢᠳᠬᠡᠬᠦ︾ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠨ ᠮᠡᠳᠡᠭᠳᠡᠭᠰᠡᠨ ᠪᠥᠭᠡᠳ ᠨᠠᠮ ᠤᠨ ᠲᠡᠦᠬᠡᠨ ᠲᠤᠷᠰᠢᠯᠭ᠎ᠠ᠂ ᠨᠠᠮ ᠤᠨ ᠰᠠᠬᠢᠯᠭ᠎ᠠ ᠪᠠᠲᠤ ᠬᠠᠤᠯᠢ ᠴᠠᠭᠠᠵᠠ ᠶᠢᠨ ᠳᠡᠰ ᠳᠠᠪᠬᠤᠷᠭ᠎ᠠ᠂ ᠰᠠᠬᠢᠯᠭ᠎ᠠ ᠪᠠᠲᠤ ᠬᠠᠤᠯᠢ ᠴᠠᠭᠠᠵᠠ᠂ ᠰᠠᠬᠢᠯᠭ᠎ᠠ ᠪᠠᠲᠤ ᠬᠠᠤᠯᠢ ᠬᠡᠷᠡᠭᠵᠢᠭᠦᠯᠦᠯᠲᠡ ᠶᠢᠨ ᠦᠢᠯᠡᠳᠦᠯᠭᠡ ᠵᠡᠷᠭᠡ ᠭᠤᠷᠪᠠᠨ ᠲᠠᠯ᠎ᠠ ᠠᠴᠠ ︽ᠥᠪᠡᠷ ᠢ ᠪᠠᠨ ᠪᠠᠶᠢᠴᠠᠭᠠᠪᠠᠯ ᠠᠭᠤᠴᠢᠯᠠᠨ ᠰᠢᠢᠳᠬᠡᠬᠦ᠂ ᠪᠠᠶᠢᠴᠠᠭᠠᠭᠳᠠᠭᠰᠠᠳ ᠢ ᠴᠢᠩᠭ᠎ᠠ ᠰᠢᠢᠳᠬᠡᠬᠦ︾ ᠲᠥᠷᠥ ᠶᠢᠨ ᠪᠣᠳᠣᠯᠭ᠎ᠠ ᠶᠢ ᠭᠦᠨᠵᠡᠭᠡᠶ ᠲᠠᠶᠢᠯᠪᠤᠷᠢᠯᠠᠭᠰᠠᠨ ᠪᠠᠶᠢᠨ᠎ᠠ᠃   ᠬᠤᠷᠠᠯ ᠠᠴᠠ ᠱᠠᠭᠠᠷᠳᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠠᠬᠢᠨ ᠳᠡᠭᠡᠭᠰᠢᠯᠡᠭᠦᠯᠬᠦ ᠬᠡᠷᠡᠭᠲᠡᠶ᠂ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠥᠪᠡᠷ ᠢ ᠪᠠᠨ ᠪᠠᠶᠢᠴᠠᠭᠠᠭᠰᠠᠨ ᠪᠠ ᠪᠠᠶᠢᠴᠠᠭᠠᠭᠳᠠᠭᠰᠠᠨ ᠠᠳᠠᠯᠢ ᠪᠤᠰᠤ  ᠰᠢᠢᠳᠪᠦᠷᠢᠯᠡᠯᠲᠡ ᠶᠢᠨ ᠦᠷ᠎ᠡ ᠳ᠋ᠦᠩ ᠠᠴᠠ ᠨᠠᠮ ᠤᠨ ᠲᠥᠪ ᠬᠤᠷᠢᠶᠠᠨ ᠤ ᠬᠥᠮᠦᠵᠢᠯ ᠴᠡᠭᠴᠡᠯᠡᠯᠲᠡ ᠶᠢᠨ ᠠᠴᠢ ᠬᠤᠯᠪᠣᠭᠳᠠᠯ᠂ ᠵᠣᠷᠢᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠭᠦᠨᠵᠡᠭᠡᠶ ᠣᠶᠢᠯᠠᠭᠠᠵᠤ᠂ ᠠᠭᠤᠴᠢᠯᠠᠨ ᠰᠢᠢᠳᠪᠦᠷᠢᠯᠡᠬᠦ ᠡᠭᠦᠳᠡ ᠶᠢ ᠢᠮᠠᠭᠲᠠ ᠨᠡᠭᠡᠭᠡᠬᠦ ᠦᠭᠡᠶ᠂ ᠭᠡᠪᠡᠴᠦ ᠴᠢᠩᠭ᠎ᠠ ᠰᠢᠢᠳᠬᠡᠬᠦ ᠬᠤᠷᠴᠠ ᠰᠡᠯᠡᠮ᠎ᠡ ᠶᠢ ᠢᠮᠠᠭᠲᠠ ᠥᠨᠳᠥᠷ ᠲᠤ ᠲᠠᠯᠪᠢᠭᠰᠠᠭᠠᠷ ᠪᠠᠶᠢᠨ᠎ᠠ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠳᠤ ᠳᠠᠬᠢᠨ ᠬᠦᠴᠦᠯᠡᠬᠦ ᠬᠡᠷᠡᠭᠲᠡᠶ᠂ ᠡᠯ᠎ᠡ ᠬᠤᠰᠢᠭᠤ ᠰᠢᠶᠠᠨ ᠲᠣᠭᠤᠷᠢᠭ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠨᠦᠭᠦᠳ ᠲᠥᠪ ᠬᠤᠷᠢᠶᠠᠨ ᠤ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠳᠤ ᠨᠠᠷᠢᠯᠢᠭ ᠣᠨᠣᠴᠠᠲᠠᠶ ᠪᠠᠷ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠢᠶᠠᠷ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠴᠠᠭ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠬᠠᠭ ᠭᠡᠮ ᠢ ᠴᠡᠭᠴᠡᠯᠡᠨ ᠵᠠᠰᠠᠬᠤ ᠠᠵᠢᠯ ᠢ ᠲᠠᠬᠢᠨ ᠭᠦᠨᠵᠡᠭᠡᠶᠢᠷᠡᠭᠦᠯᠵᠦ᠂ ᠡᠯ᠎ᠡ ᠤᠯᠤᠰ ᠲᠦᠷᠦ ᠬᠠᠤᠯᠢ ᠴᠠᠭᠠᠵᠠ ᠶᠢᠨ ᠨᠢᠭᠡᠴᠡ ᠶᠢᠨ ᠬᠢᠨ ︽ᠲᠤᠯᠤᠭᠠᠨ ᠶᠡᠭᠡ ᠠᠷᠬᠠᠭ ᠭᠡᠮ︾ ᠤᠨ ᠲᠤᠰ ᠰᠢᠰᠲ᠋ᠧᠮ᠂ ᠲᠤᠰ ᠨᠢᠭᠡᠴᠡ ᠳᠠᠬᠢ ᠣᠷᠣᠰᠢᠵᠤ ᠪᠠᠶᠢᠭ᠎ᠠ ᠬᠡᠯᠪᠡᠷᠢ ᠶᠢ ᠪᠦᠬᠦ ᠲᠠᠯ᠎ᠠ ᠪᠠᠷ ᠪᠠᠶᠢᠴᠠᠭᠠᠵᠤ᠂ ᠠᠰᠠᠭᠤᠳᠠᠯ ᠢ ᠦᠨᠡᠨᠬᠦ ᠣᠨᠣᠪᠴᠢᠲᠠᠢ ᠡᠷᠢᠵᠦ ᠪᠣᠳᠠᠲᠠᠢ ᠡᠷᠢᠵᠦ᠂ ᠡᠯ᠎ᠡ ᠱᠤᠭᠤᠮ ᠢ ᠦᠨᠡᠨᠬᠦ ᠬᠠᠮᠢᠶᠠᠷᠤᠨ ᠳᠠᠭᠠᠭᠤᠯᠵᠤ᠂ ᠱᠤᠭᠤᠮ ᠢᠶᠠᠷ ᠵᠢᠯᠤᠭᠤᠳᠤᠭᠤᠯᠤᠭᠰᠠᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠠᠷᠬᠠᠭ ᠭᠡᠮ ᠢ ᠴᠡᠭᠴᠡᠯᠡᠨ ᠵᠠᠰᠠᠬᠤ ᠠᠵᠢᠯ ᠢ ᠴᠢᠨᠠᠭᠰᠢᠳᠠ ᠭᠦᠨᠵᠡᠭᠡᠢ ᠨᠠᠷᠢᠯᠢᠬᠵᠢᠭᠤᠯᠵᠤ᠂ ᠬᠤᠷᠳᠤᠴᠠ ᠶᠢ ᠳᠡᠭᠡᠭᠰᠢᠯᠡᠭᠦᠯᠦᠨ ᠳᠠᠩᠰᠠ ᠡᠪᠬᠡᠮᠡᠯ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃       ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠳᠣᠲᠣᠭᠠᠳᠤ ᠳᠠᠭᠠᠨ ᠰᠠᠯᠠᠭ᠎ᠠ᠂ ᠲᠠᠰᠤᠭ᠂ ᠠᠯᠪᠠᠨ ᠬᠡᠷ᠂ ᠠᠩᠭᠢ᠂ ᠲᠢᠩᠬᠢᠮ᠂ ᠶᠠᠮᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠷᠠᠯ ᠢ  ᠸᠢᠳᠢᠣ᠋ ᠬᠡᠯᠪᠡᠷᠢ ᠪᠠᠷ ᠬᠤᠰᠢᠭᠤ ᠰᠢᠶᠠᠨ ᠲᠣᠭᠤᠷᠢᠭ ᠲᠤ  ᠶᠠᠪᠤᠭᠳᠠᠭᠤᠯᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ