ᠤᠷᠠᠳ ᠤᠨ ᠬᠤᠶᠢᠲᠤ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠵᠢᠴᠢ ᠲᠥᠪ ᠤᠨ ᠬᠢᠨᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/6/8
      6 ᠳ᠋ᠤᠭᠠᠷ ᠰᠠᠷ᠎ᠠ ᠶᠢᠨ 3 ᠤ ᠡᠳᠦᠷ᠂ ᠤᠷᠠᠳ ᠤᠨ ᠬᠤᠶᠢᠲᠤ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠵᠢᠴᠢ ᠲᠥᠪ ᠤᠨ ᠬᠢᠨᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠲᠥᠪ ᠤᠨ ᠬᠢᠨᠠᠨ ᠵᠢᠯᠣᠭᠤᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠤᠯᠢ ᠴᠠᠭᠠᠵᠠ ᠶᠢᠨ ᠡᠩᠨᠡᠭᠡ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠳᠠᠷᠤᠭ᠎ᠠ ᠲᠦᠮᠡᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠠᠨ ᡁᠢ ᠮᠢᠩ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠨ ᠰᠢᠶᠤᠤ ᠶᠦᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠨᠠᠷᠠᠰᠤ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠳᠡᠳ᠋ ᠳᠠᠷᠤᠭ᠎ᠠ ᠸᠠᠩ ᠰᠢᠶᠤᠤ ᠶᠠᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠂ ᠬᠤᠰᠢᠭᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠳᠡᠳ᠋ ᠳᠠᠷᠤᠭ᠎ᠠ ᠾᠧ ᠷᠦᠢ ᠬᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ ︽ᠤᠷᠠᠳ ᠤᠨ ᠬᠤᠶᠢᠲᠤ ᠬᠤᠰᠢᠭᠤᠨ ᠤ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠪᠠᠶᠠᠨᠨᠠᠭᠤᠷ ᠬᠤᠲᠠ ᠳᠤ ᠪᠠᠭᠤᠵᠤ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠤᠩᠰᠢᠨ ᠨᠡᠶᠢᠲᠡᠯᠡᠵᠦ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃       ᠲᠦᠮᠡᠨ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠪᠠᠶᠢᠴᠠᠭᠠᠨ ᠵᠠᠯᠠᠷᠠᠭᠤᠯᠬᠤ ᠵᠠᠩᠭᠢᠯᠠᠭ᠎ᠠ ᠶᠢᠨ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ᠂ ᠪᠥᠬᠦ ᠬᠤᠰᠢᠭᠤᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠨᠢᠮᠪᠠᠶ ᠠᠩᠬᠠᠷᠴᠤ᠂ ᠡᠭᠦᠷᠭᠡ ᠪᠠᠨ ᠪᠣᠳᠠᠲᠠᠶ ᠬᠥᠮᠦᠨ ᠳᠤ ᠬᠦᠷᠲᠡᠯ᠎ᠡ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠪᠣᠳᠠᠲᠠᠶ ᠠᠷᠭ᠎ᠠ ᠬᠡᠮᠵᠢᠶ᠎ᠡ ᠪᠠᠨ ᠪᠣᠳᠠᠲᠠᠶ ᠨᠠᠶᠢᠳᠠᠪᠤᠷᠢᠵᠢᠭᠤᠯᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃       ᠶᠠᠨ ᠰᠢᠶᠤᠤ ᠶᠦᠨ ᠬᠤᠷᠠᠯ ᠡᠷᠭᠢᠯᠡᠬᠦ ᠳᠡᠭᠡᠨ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠡᠶᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠷᠢᠮᠵᠢᠶ᠎ᠠ ᠲᠠᠢ ᠬᠠᠷᠭᠤᠭᠤᠯᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠵᠠᠩᠭᠢᠯᠠᠭ᠎ᠠ ᠶᠢᠨ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠲᠥᠪ ᠤᠨ ᠬᠢᠨᠠᠨ ᠵᠢᠯᠣᠭᠤᠳᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠳᠤᠷᠠᠳᠤᠨ ᠭᠠᠷᠭᠠᠭᠰᠠᠨ ᠬᠢᠨᠠᠨ ᠵᠢᠯᠣᠭᠤᠳᠬᠤ ᠰᠠᠨᠠᠯ ᠢ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ