| 6 ᠰᠠᠷ᠎ᠠ ᠶᠢᠨ 6 ᠤ ᠡᠳᠦᠷ᠂ ᠪᠣᠬᠢᠷᠲᠤᠯ ᠥᠬᠡᠶ ᠶᠡᠭᠡ ᠬᠥᠭᠵᠢᠯᠲᠡ᠂ ᠶᠠᠰᠤ ᠴᠢᠨᠠᠷ ᠤᠨ ᠶᠡᠭᠡ ᠳᠡᠭᠡᠭᠰᠢᠯᠡᠯᠲᠡ᠂ ᠨᠠᠷᠠᠲᠤ ᠲᠡᠮᠳᠡᠭᠲᠦ ᠶᠢᠨ ᠶᠡᠭᠡ | ᠬᠦᠲᠦᠯᠦᠯᠲᠡ᠂ ᠬᠥᠳᠡᠭᠡ ᠲᠣᠰᠬᠤᠨ ᠤ ᠶᠡᠭᠡ ᠬᠦᠭᠵᠢᠯᠲᠡ᠂ ᠬᠦᠷᠢᠶᠡᠯᠡᠩ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ | ︽ᠤᠨᠴᠠᠯᠢᠬᠳᠤ ᠵᠢᠮᠢᠰ ᠢᠳᠡᠰᠢᠨ ᠨᠣᠭᠤᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠦᠢᠯᠡᠳᠪᠦᠷᠢᠯᠡᠯ ᠤᠨ ᠮᠡᠷᠭᠡᠵᠢᠯ ᠤᠨ ᠵᠢᠱᠢᠶ᠎ᠡ | ᠦᠵᠡᠭᠦᠯᠦᠨ ᠳᠡᠯᠭᠡᠷᠡᠭᠦᠯᠬᠦ︾ ᠲᠤᠬᠠᠶ ᠶᠢᠨ ᠲᠠᠯᠠᠪᠤᠷ ᠤᠨ ᠦᠵᠡᠭᠦᠯᠦᠯᠭᠡ ᠵᠢᠴᠢ ᠤᠷᠠᠳ ᠤᠨ ᠡᠮᠦᠨᠡᠲᠦ ᠬᠤᠰᠢᠭᠤᠨ ᠤ ᠤᠯᠤᠰ ᠤᠨ ᠣᠷᠣᠨ ᠨᠤᠲᠤᠭ ᠤᠨ | ᠪᠠᠷᠢᠮᠵᠢᠶᠠᠲᠤ ᠪᠦᠲᠦᠭᠡᠭᠳᠡᠭᠦᠨ ᠾᠧᠢ ᠯᠢᠦ ᠽᠢ ᠶᠢᠨ ᠠᠮᠲᠠᠲᠤ ᠬᠡᠮᠬᠡ ᠶᠢᠨ ᠲᠠᠩ ᠪᠦᠲᠦᠭᠡᠭᠳᠡᠬᠦᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠮᠠᠨ ᠤ ᠬᠤᠰᠢᠭᠤᠨ ᠤ | ᠤᠯᠤᠰ ᠤᠨ ᠣᠷᠣᠨ ᠨᠤᠲᠤᠭ ᠤᠨ ᠪᠠᠷᠢᠮᠵᠢᠶᠠᠲᠤ ᠪᠦᠲᠦᠭᠡᠭᠳᠡᠭᠦᠨ ᠤ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ | ᠬᠤᠰᠢᠭᠤᠨ ᠤ ᠤᠳᠤᠷᠢᠳᠤᠯᠭ᠎ᠠ ᠴᠧᠨ ᠬᠥᠩ ᠮᠢᠩ᠂ ᠸᠠᠩ ᠵᠢᠶᠦ᠋ᠨ ᠵᠢᠶᠧ᠂ ᠸᠧᠶ ᠢᠦᠶ ᠬᠠᠶ ᠵᠢᠴᠢ ᠦᠪᠡᠷᠲᠡᠭᠡᠨ ᠵᠠᠰᠠᠬᠤ ᠣᠷᠤᠨ ᠬᠤᠲᠠ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠ ᠦᠪᠡᠷᠲᠡᠭᠡᠨ ᠵᠠᠰᠠᠬᠤ ᠣᠷᠤᠨ ᠬᠤᠲᠠ ᠬᠤᠰᠢᠭᠤᠨ ᠤ ᠡᠯ᠎ᠡ | ᠲᠥᠷᠥᠯ ᠤᠨ ᠵᠠᠭᠤᠴᠢᠯᠠᠭᠤᠷ᠂ ᠡᠯ᠎ᠡ ᠰᠤᠮᠤ ᠪᠠᠯᠭᠠᠰᠤ᠂ ᠲᠣᠰᠬᠤᠨ ᠭᠠᠴᠠᠭᠠᠨ ᠤ ᠬᠠᠷᠢᠭᠤᠴᠠᠯᠭᠠᠲᠠᠨ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ᠂ | ᠲᠠᠷᠢᠮᠠᠯ ᠤᠨ ᠲᠠᠷᠢᠶᠠᠴᠢᠨ ᠡᠷᠦᠬᠡ ᠨᠡᠶᠢᠲᠡ 500 ᠭᠠᠷᠤᠶ ᠬᠥᠮᠦᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠠᠶ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠵᠢᠶᠦ᠋ᠨ ᠵᠢᠶᠧ ᠶᠠᠷᠢᠶ᠎ᠠ ᠲᠠᠯᠪᠢᠬᠤ ᠳᠤ ᠪᠠᠨ | ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ | ᠦᠪᠡᠷᠲᠡᠭᠡᠨ ᠵᠠᠰᠠᠬᠤ ᠣᠷᠤᠨ᠂ ᠬᠤᠲᠠ ᠶᠢᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠤ ᠬᠦᠴᠦᠲᠡᠶ ᠳᠡᠮᠵᠢᠯᠭᠡ ᠳᠣᠤᠷ᠎ᠠ᠂ ᠮᠠᠨ ᠤ ᠬᠤᠰᠢᠭᠤ ︽ᠠᠮᠢ ᠠᠬᠤᠶ ᠶᠢ | ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠪᠠᠷ ᠬᠥᠭᠵᠢᠭᠦᠯᠬᠦ︾ ᠣᠶᠢᠯᠠᠭᠠᠭᠳᠠᠬᠤᠨ ᠢ ᠨᠠᠷᠢᠨ ᠬᠢᠨᠠᠮᠠᠭᠠᠶ ᠲᠤᠤᠱᠯᠠᠭᠤᠯᠵᠤ᠂ ᠤᠯᠠᠮᠵᠢᠯᠠᠯᠲᠤ ᠲᠤᠯᠭᠠᠭᠤᠷᠢ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠬᠠᠮᠲᠤ᠂ ᠴᠢᠨᠠᠷ ᠰᠠᠶᠢᠲᠠᠶ ᠤᠨᠴᠠᠯᠢᠭᠳᠤ ᠠᠵᠤ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠬᠤ ᠶᠢ ᠬᠦᠴᠦᠯᠡᠨ ᠠᠬᠢᠭᠤᠯᠵᠤ᠂ ᠠᠮᠲᠠᠲᠤ ᠬᠡᠮᠬᠡ ᠨᠢ ᠲᠡᠭᠦᠨ ᠤ ᠳᠣᠲᠣᠷᠠᠬᠢ ᠣᠷᠦ᠋ᠢᠯᠠᠭᠴᠢ ᠨᠢ ᠪᠣᠯᠤᠭᠰᠠᠨ ᠪᠠᠶᠢᠨ᠎ᠠ᠃ | ᠣᠳᠣᠬᠠᠨ ᠳᠤ᠂ ᠮᠠᠨ ᠤ ᠬᠤᠰᠢᠭᠤᠨ ᠤ ᠠᠮᠲᠠᠲᠤ ᠬᠡᠮᠬᠡ ᠶᠢᠨ ᠬᠥᠭᠵᠢᠯᠲᠡ ᠨᠢᠭᠡᠨᠲᠡ ᠠᠩᠬ᠎ᠠ ᠠᠯᠬᠤᠮ ᠤᠨ ᠬᠡᠪᠴᠢᠶ᠎ᠡ ᠲᠠᠢ ᠪᠣᠯᠵᠣ᠂ ᠪᠠᠶᠢᠳᠠᠯ ᠮᠠᠰᠢ ᠰᠠᠶᠢᠨ | ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ | ᠰᠠᠶᠢᠨ ᠰᠠᠶᠢᠬᠠᠨ ᠠᠵᠠ ᠲᠣᠬᠢᠶᠠᠯ ᠢ ᠴᠢᠩᠭ᠎ᠠ ᠠᠳᠬᠤᠵᠤ᠂ ᠠᠮᠲᠠᠲᠤ ᠬᠡᠮᠬᠡ ᠶᠢᠨ ᠪᠦᠲᠦᠭᠡᠭᠳᠡᠬᠦᠨ ᠢ ᠤᠯᠠᠮ ᠨᠢᠭᠡ ᠠᠯᠬᠤᠮ ᠨᠠᠷᠢᠯᠢᠭ ᠰᠠᠶᠢᠨ ᠬᠢᠵᠦ᠂ ᠠᠮᠲᠠᠲᠤ | ᠬᠡᠮᠬᠡ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠮᠲᠠᠲᠤ ᠬᠡᠮᠬᠡ ᠶᠢᠨ ᠠᠵᠤ ᠦᠢᠯᠡᠰ ᠢ ᠦᠨᠡᠨᠬᠦ | ᠬᠥᠭᠵᠢᠯᠲᠡ ᠶᠢᠨ ᠳᠠᠯᠳᠠ ᠬᠦᠴᠦᠨ ᠪᠠ ᠬᠥᠭᠵᠢᠯᠲᠡ ᠶᠢᠨ ᠠᠯᠤᠰ ᠢᠷᠡᠭᠡᠳᠦᠶ ᠲᠠᠢ ᠰᠢᠵᠢᠷ ᠠᠯᠲᠠᠨ ᠤ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠵᠤ᠂ ᠡᠭᠦᠨ ᠤ | ᠤᠯᠠᠮ ᠢᠶᠠᠷ ᠪᠦᠭᠦ ᠬᠤᠰᠢᠭᠤᠨ ᠤ ᠡᠯ᠎ᠡ ᠲᠦᠷᠤᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠳᠬᠦᠨ ᠢ ᠦᠢᠯᠡᠳᠪᠦᠷᠢᠯᠡᠬᠦ᠂ | ᠪᠣᠯᠪᠠᠰᠤᠷᠠᠭᠤᠯᠬᠤ᠂ ᠪᠣᠭᠤᠳᠠᠯᠯᠠᠬᠤ ᠪᠠᠷᠢᠮᠵᠢᠶ᠎ᠠ ᠶᠢ ᠨᠢᠭᠡᠳᠬᠡᠬᠦ ᠶᠢ ᠵᠢᠱᠢᠶ᠎ᠡ ᠦᠵᠡᠭᠦᠯᠦᠨ ᠳᠠᠭᠠᠭᠤᠯᠵᠤ᠂ ᠲᠠᠷᠢᠶᠠᠯᠠᠩ ᠤᠨ ᠣᠷᠣᠭᠤᠯᠤᠯᠲᠠ ᠶᠢᠨ ᠪᠦᠲᠦᠭᠡᠭᠳᠡᠬᠦᠨ ᠤ | ᠬᠢᠨᠠᠨ ᠬᠠᠮᠢᠶᠠᠷᠤᠯᠲᠠ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠯᠲᠡ᠂ ᠵᠠᠬ᠎ᠠ ᠳᠡᠯᠭᠡᠭᠦᠷ ᠤᠨ ᠵᠥᠪᠰᠢᠶᠡᠷᠡᠯ ᠤᠨ | ᠰᠢᠰᠲ᠋ᠧᠮ ᠢ ᠪᠦᠷᠢᠨᠰᠢᠬᠦᠯᠵᠦ᠂ ᠪᠥᠬᠦ ᠬᠤᠰᠢᠭᠤᠨ ᠤ ᠰᠢᠯᠢᠳᠡᠭ ᠤᠨᠴᠠᠯᠢᠭᠳᠤ ᠪᠦᠲᠦᠭᠡᠭᠳᠡᠬᠦᠨ ᠤ ᠲᠦᠷᠭᠡᠨ ᠬᠥᠭᠵᠢᠯᠲᠡ ᠶᠢ ᠠᠬᠢᠭᠤᠯᠵᠤ᠂ ᠪᠥᠬᠦ ᠬᠤᠰᠢᠭᠤᠨ ᠤ | ᠰᠢᠯᠢᠳᠡᠭ ᠤᠨᠴᠠᠯᠢᠭᠳᠤ ᠠᠵᠤ ᠦᠢᠯᠡᠰ ᠤᠨ ᠲᠦᠷᠭᠡᠨ ᠪᠤᠵᠠᠭᠠᠶᠢᠷᠠᠬᠤ ᠶᠢ ᠠᠬᠢᠭᠤᠯᠵᠤ᠂ ᠡᠷᠬᠢᠨ ᠲᠣᠭᠤᠷᠢᠨ ᠤ ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠵᠤ᠂ ᠠᠮᠲᠠᠲᠤ ᠬᠡᠮᠬᠡ ᠶᠢᠨ ᠠᠵᠤ ᠦᠢᠯᠡᠰ ᠢᠶᠠᠷ ᠪᠥᠬᠦ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ︽ᠵᠢᠷᠭᠠᠯᠲᠠᠶ︾ | ᠬᠥᠭᠵᠢᠯᠲᠡ ᠶᠢ ᠳᠠᠶᠢᠴᠢᠯᠠᠨ᠎ᠠ ᠭᠡᠪᠡ᠃ | ᠳᠠᠷᠠᠭ᠎ᠠ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠦᠷᠢᠶᠡᠯᠡᠩ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠦᠷᠦᠭᠦᠦ ᠲᠤᠰᠬᠠᠢ ᠮᠡᠷᠭᠡᠵᠢᠯᠲᠡᠨ᠂ ᠪᠠᠶᠠᠨᠨᠠᠭᠤᠷ ᠬᠤᠳᠠ ᠶᠢᠨ ᠪᠣᠬᠢᠷᠲᠤᠯ | ᠦᠭᠡᠢ ᠠᠵᠤ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠠᠯᠪᠠᠨ ᠭᠡᠷ ᠤᠨ ᠬᠠᠷᠢᠭᠤᠴᠠᠯᠭᠠᠲᠠᠨ᠂ ᠬᠦᠷᠢᠶᠡᠯᠡᠩ ᠬᠤᠳᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭᠠᠨ ᠤ ᠲᠦᠷᠦᠯ ᠵᠦᠢᠯ ᠤᠨ ︽ᠤᠨᠴᠠᠯᠢᠬᠳᠤ ᠵᠢᠮᠢᠰ ᠢᠳᠡᠰᠢᠨ ᠨᠣᠭᠤᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠦᠢᠯᠡᠳᠪᠦᠷᠢᠯᠡᠯ ᠤᠨ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ︾ ᠶᠢᠨ ᠲᠦᠷᠦᠭᠦᠦ ᠲᠤᠰᠬᠠᠢ ᠮᠡᠷᠭᠡᠵᠢᠯᠲᠡᠨ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠲᠤᠰ ᠲᠤᠰ ᠶᠠᠷᠢᠶ᠎ᠠ ᠲᠠᠯᠪᠢᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠮᠡᠷᠭᠡᠵᠢᠯ ᠤᠨ ᠲᠥᠯᠥᠪᠵᠢᠭᠦᠯᠭᠡ ᠶᠢᠨ ᠰᠤᠳᠤᠯᠭᠠᠨ ᠤ ᠵᠢᠷᠤᠭ ᠲᠥᠯᠥᠪᠯᠡᠭᠡᠨ ᠤ | ᠬᠦᠷᠢᠶᠡᠯᠡᠩ ᠤᠨ ᠳᠠᠷᠤᠭ᠎ᠠ᠂ ᠰᠤᠳᠤᠯᠤᠭᠴᠢ ᠠᠴᠠ ᠾᠧᠢ ᠯᠢᠦ ᠽᠢ ᠶᠢᠨ ᠠᠮᠲᠠᠲᠤ ᠬᠡᠮᠬᠡ ᠶᠢ ᠶᠡᠷᠦᠩᠬᠡᠶᠢᠯᠡᠨ ᠦᠨᠡᠯᠡᠭᠰᠡᠨ ᠪᠠᠶᠢᠳᠠᠯ ᠢ ᠨᠡᠶᠢᠲᠡᠯᠡᠪᠡ᠃ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠤᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠰᠠ ᠲᠤᠬᠠᠶ ᠶᠢᠨ ᠭᠠᠵᠠᠷ ᠤᠨ ᠠᠮᠲᠠᠲᠤ ᠬᠡᠮᠬᠡ ᠶᠢᠨ | ᠲᠠᠷᠢᠮᠠᠯ ᠤᠨ ᠬᠥᠲᠥᠴᠢ ᠠᠵᠤ ᠠᠬᠤᠶᠢᠯᠠᠯ ᠷᠧᠨ ᠲᠠᠢ ᠹᠤᠩ ᠲᠠᠷᠢᠶᠠᠯᠠᠩ ᠣᠶ ᠰᠢᠭᠤᠶ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠳᠤ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ ᠲᠡᠮᠳᠡᠭ ᠤᠨ ᠡᠷᠬᠡ ᠣᠯᠭᠤᠭᠰᠠᠨ ᠦᠨᠡᠮᠯᠡᠯ ᠣᠯᠭᠤᠪᠠ︔ | ᠰᠣᠨᠢᠨ ᠮᠡᠳᠡᠭᠡ ᠨᠡᠶᠢᠲᠡᠯᠡᠬᠦ ᠬᠤᠷᠠᠯ ᠲᠡᠭᠦᠰᠦᠭᠰᠡᠨ ᠤ ᠳᠠᠷᠠᠭ᠎ᠠ᠂ ᠠᠵᠤ ᠦᠢᠯᠡᠰ ᠤᠨ ᠬᠦᠷᠢᠶᠡᠯᠡᠩ ᠳᠤ ᠪᠠᠰᠠ ᠰᠦᠯᠵᠢᠶᠡᠨ ᠳᠡᠭᠡᠷᠡᠬᠢ ᠰᠢᠭᠤᠳ | ᠨᠡᠪᠲᠡᠷᠡᠭᠦᠯᠭᠡ ᠪᠠᠷ ᠪᠠᠷᠠᠭ᠎ᠠ ᠪᠣᠷᠤᠯᠠᠭᠤᠯᠬᠤ᠂ ᠠᠬᠠᠮᠠᠳ ᠬᠡᠤᠬᠡᠳ ᠤᠨ ᠭᠤᠸ᠎ᠠ ᠲᠡᠭᠦᠬᠦ ᠤᠷᠤᠯᠳᠤᠭᠠᠨ ᠪᠠ ︽ᠰᠣᠬᠤᠷ ᠬᠥᠮᠦᠨ ᠤ ᠭᠤᠸ᠎ᠠ ᠦᠨᠡᠯᠡᠬᠦ︾ ᠵᠡᠷᠭᠡ ᠠᠯᠢ | ᠣᠯᠠᠨ ᠰᠣᠨᠢᠷᠬᠠᠯᠲᠠᠶ ᠬᠦᠳᠡᠯᠭᠡᠭᠡᠨ ᠶᠢ ᠥᠷᠨᠢᠭᠦᠯᠦᠭᠰᠡᠨ ᠪᠠᠶᠢᠨ᠎ᠠ᠃ ︽ᠲᠡᠭᠷᠢ ᠶᠢᠨ ᠬᠡᠰᠢᠭᠲᠦ ᠪᠣᠷᠣᠲᠣᠬᠤᠶ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠥᠷᠲᠡᠭ ᠪᠠ ᠨᠥᠯᠥᠭᠡᠯᠡᠬᠦ ᠬᠦᠴᠦᠨ ᠢ ᠠᠰᠢᠭᠯᠠᠨ᠂ ᠲᠤᠬᠠᠶ ᠶᠢᠨ ᠭᠠᠵᠠᠷ ᠤᠨ ᠰᠢᠯᠢᠳᠡᠭ ᠣᠷᠤᠨ | ᠨᠤᠲᠤᠭ ᠤᠨ ᠪᠠᠷᠢᠮᠵᠢᠶᠠᠲᠤ ᠲᠠᠩ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠵᠤ᠂ ᠨᠠᠷᠠᠲᠤ ᠲᠡᠮᠳᠡᠭᠲᠦ ᠲᠠᠷᠢᠶᠠᠯᠠᠩ ᠤᠨ ᠬᠥᠭᠵᠢᠯᠲᠡ ᠶᠢ ᠠᠬᠢᠭᠤᠯᠤᠨ᠂ | ᠲᠠᠷᠢᠶᠠᠯᠠᠩ ᠤᠨ ᠠᠵᠤ ᠦᠢᠯᠡᠰ ᠤᠨ ᠲᠠᠰ ᠳᠡᠪᠰᠢᠬᠦ ᠶᠢ ᠪᠡᠶᠡᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ | ᠴᠢᠩᠭᠠᠷᠠᠭᠤᠯᠤᠨ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠪᠣᠯᠤᠨ᠎ᠠ᠃ | ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠠᠨᠨᠠᠭᠤᠷ ᠬᠤᠲᠠ ᠶᠢᠨ ᠪᠣᠬᠢᠷᠲᠤᠯ ᠥᠬᠡᠶ | ᠠᠵᠤ ᠦᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠠᠯᠪᠠᠨ ᠬᠡᠷ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠡᠮᠦᠨᠡᠲᠦ ᠬᠤᠰᠢᠭᠤᠨ ᠤ ᠬᠤᠷᠢᠶ᠎ᠠ᠂ ᠤᠷᠠᠳ ᠤᠨ ᠡᠮᠦᠨᠡᠲᠦ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠪᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠰᠤᠳᠤᠯᠬᠤ ᠭᠠᠵᠠᠷ᠂ ᠪᠠᠶᠠᠨᠨᠠᠭᠤᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠶ ᠶᠢᠨ ᠦᠢᠯᠡᠰ ᠤᠨ ᠬᠥᠭᠵᠢᠯᠲᠡ ᠶᠢᠨ ᠲᠥᠪ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠤᠨ ᠴᠡᠴᠡᠷᠯᠢᠭ ᠤᠨ ᠤᠷᠠᠯᠢᠭ ᠤᠨ ᠭᠠᠵᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠶᠠᠨ ᠹᠧᠩ ᠪᠠᠯᠭᠠᠰᠤ ᠶᠢᠨ ᠵᠥᠪᠯᠡᠯ᠂ ᠰᠢᠶᠠᠨ ᠹᠧᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ᠠᠴᠠ ᠳᠠᠭᠠᠭᠠᠴᠢᠯᠠᠨ ᠡᠷᠬᠢᠯᠡᠪᠡ᠃ |