ᠬᠠᠩᠭᠢᠨ ᠬᠤᠶᠢᠲᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠰᠠᠶ᠋ᠢᠬᠠᠨ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/6/8
      6 ᠰᠠᠷ᠎ᠠ ᠶᠢᠨ 4 ᠤ ᠡᠳᠦᠷ᠂ ᠬᠠᠩᠭᠢᠨ ᠬᠤᠶᠢᠲᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ᠂ ᠡᠨᠡ ᠨᠢ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠪᠥᠬᠦ ᠲᠠᠯ᠎ᠠ ᠪᠠᠷ ᠢᠯᠠᠯᠲᠠ ᠣᠯᠤᠭᠰᠠᠨ ᠤ ᠳᠠᠷᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃       ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ ᠮᠠ ᠸᠧᠨ ᠰᠢᠤᠸᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠪᠠᠭᠠᠲᠤᠷ ᠬᠠᠮᠲᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠫᠠᠶᠢᠰᠠ ᠶᠢ ᠰᠡᠬᠦᠪᠡ᠃ ᠡᠯ᠎ᠡ ᠰᠢᠶᠠᠩ ᠪᠠᠯᠭᠠᠰᠤ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠪᠦᠬᠦ ᠠᠵᠢᠯᠲᠠᠳ ᠣᠷᠣᠯᠴᠠᠵᠠᠢ᠃       ᠣᠶᠢᠯᠠᠭᠠᠭᠰᠠᠨ ᠢᠶᠠᠷ᠂ ᠬᠠᠩᠭᠢᠨ ᠬᠤᠶᠢᠲᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠤᠤᠯ ᠤᠨ ᠬᠠᠩᠭᠢᠨ ᠬᠤᠶᠢᠲᠤ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠠᠴᠠ ᠳᠠᠬᠢᠨ ᠪᠠᠶᠢᠭᠤᠯᠤᠭᠰᠠᠨ ᠨᠢ ᠬᠠᠩᠭᠢᠨ ᠬᠤᠶᠢᠲᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠭᠠᠷᠤᠭ᠎ᠠ ᠳᠤ ᠣᠷᠣᠵᠤ᠂ ᠰᠢᠨ᠎ᠡ ᠠᠶᠠᠨ ᠳᠠᠭᠠᠨ ᠮᠣᠷᠳᠠᠭᠰᠠᠨ ᠢ ᠬᠠᠷᠠᠭᠤᠯᠵᠤ ᠪᠠᠶᠢᠨ᠎ᠠ᠃ ᠬᠠᠩᠭᠢᠨ ᠬᠤᠶᠢᠲᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠦᠷᠭᠦᠯᠵᠢᠯᠡᠨ ᠲᠣᠭᠲᠠᠭᠤᠨ ᠢᠶᠠᠷ ᠬᠥᠭᠵᠢᠭᠦᠯᠬᠦ ᠶᠢ ᠪᠠᠲᠤᠯᠠᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠠᠮᠢ ᠠᠬᠤᠢ᠂ ᠰᠣᠶᠣᠯ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠶᠠᠨ ᠢ ᠪᠦᠲᠦᠮᠵᠢᠲᠡᠢ ᠵᠣᠯᠭᠠᠭᠤᠯᠬᠤ ᠶᠠᠪᠤᠴᠠ ᠳᠤ ᠲᠠᠬᠢᠨ ᠬᠤᠪᠢ ᠨᠡᠮᠡᠷᠢ ᠦᠵᠡᠭᠦᠯᠵᠦ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠪᠠᠷ ᠪᠠᠶᠢᠨ᠎ᠠ᠃  
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ