6 ᠰᠠᠷ᠎ᠠ ᠶᠢᠨ 4 ᠤ ᠡᠳᠦᠷ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠤᠨ ᠲᠤᠰᠬᠠᠶ ᠠᠬᠢᠭᠤᠯᠬᠤ ᠳᠤᠭᠤᠶᠢᠯᠠᠩ ᠬᠠᠩᠭᠢᠨ ᠬᠤᠶᠢᠲᠤ ᠬᠤᠰᠢᠭᠤᠨ ᠳᠤ ᠬᠦᠷᠴᠦ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠵᠢᠴᠢ ᠭᠤᠤᠯᠳᠠᠯᠭ᠎ᠠ ᠲᠠᠢ ᠠᠵᠢᠯ ᠤᠨ ᠡᠭᠦᠷᠭᠡ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ | ᠳᠤᠭᠤᠶᠢᠯᠠᠩ ᠤᠨ ᠬᠢᠨ ᠤᠷᠢᠳ ᠬᠤᠵᠢᠳ ᠵᠢᠶᠠᠴᠠᠩ ᠤᠨ ᠠᠮᠢᠳᠤᠷᠠᠯ ᠤᠨ ᠲᠠᠯᠠᠪᠠᠢ᠂ ᠱᠠᠮᠪᠠ ᠴᠡᠴᠡᠷᠯᠢᠭ᠂ ᠱᠠᠮᠪᠠ ᠪᠠᠯᠭᠠᠰᠤ ᠶᠢᠨ ᠰᠢᠨ᠎ᠡ ᠪᠠᠷ | ᠪᠠᠶᠢᠭᠤᠯᠤᠭᠰᠠᠨ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ᠂ ᠲᠠᠨᠢᠯᠴᠠᠭᠤᠯᠭ᠎ᠠ ᠶᠢ ᠰᠣᠨᠣᠰᠬᠤ᠂ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠢ ᠪᠠᠶᠢᠴᠠᠭᠠᠨ ᠦᠵᠡᠬᠦ ᠠᠷᠭ᠎ᠠ ᠪᠠᠷ ᠮᠠᠨ ᠤ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠵᠡᠷᠭᠡ ᠲᠠᠯ᠎ᠠ ᠶᠢᠨ ᠠᠵᠢᠯ ᠢ ᠨᠠᠷᠢᠨ | ᠣᠶᠢᠯᠠᠭᠠᠪᠠ᠃ | ᠶᠠᠷᠢᠯᠴᠠᠬᠤ ᠬᠤᠷᠠᠯ ᠳᠡᠭᠡᠷ᠎ᠡ᠂ ᠠᠬᠢᠭᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠵᠢᠴᠢ ᠣᠨ ᠤ | ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠪᠣᠯᠤᠨ ᠬᠠᠩᠭᠢᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠱᠠᠮᠪᠠ ᠶᠢᠨ | ᠬᠤᠶᠢᠲᠤ ᠬᠤᠲᠠ ᠶᠢᠨ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ | ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠳᠣᠷᠣᠭᠰᠢ ᠪᠠᠭᠤᠵᠤ ᠪᠠᠶᠠᠨᠨᠠᠭᠤᠷ ᠬᠤᠲᠠ ᠳᠤ ᠪᠠᠭᠤᠵᠤ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠳᠤᠭᠤᠶᠢᠯᠠᠩ ᠤᠨ ᠬᠢᠨ ᠮᠠᠨ ᠤ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯ ᠤᠨ ᠥᠷᠨᠢᠯᠲᠡ ᠶᠢ ᠭᠦᠢᠴᠡᠳ ᠨᠤᠲᠠᠯᠠᠬᠤ ᠶᠢᠨ ᠬᠠᠮᠲᠤ ᠵᠢᠭᠠᠵᠤ ᠭᠠᠷᠭᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠯᠢᠭᠡᠷ ᠳᠠᠭᠤᠷᠢᠶᠠᠯ ᠤᠨ ᠦᠢᠯᠡᠳᠦᠯ ᠢ | ᠪᠠᠳᠠᠷᠠᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠲᠣᠭᠲᠠᠭᠰᠠᠨ ᠬᠥᠳᠡᠯᠭᠡᠭᠡᠨ ᠢ | ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠢᠶᠠᠨ ᠰᠣᠩᠭᠤᠬᠤ ᠬᠥᠳᠡᠯᠭᠡᠭᠡᠨ ᠢ ᠪᠦᠲᠦᠭᠡᠯᠴᠢ ᠪᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ᠂ ᠬᠠᠮ ᠵᠠᠭᠤᠴᠢᠯᠠᠭᠤᠷ ᠤᠨ ᠲᠥᠪ ᠵᠡᠷᠭᠡ ᠵᠢᠭᠰᠠᠭᠠᠯ ᠤᠨ ᠭᠠᠵᠠᠷ ᠤᠨ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠪᠣᠳᠠᠲᠠᠢ ᠲᠠᠢ ᠤᠶᠠᠯᠳᠤᠭᠤᠯᠤᠨ ᠨᠠᠮ ᠤᠨ ᠲᠡᠦᠬᠡ ᠶᠢᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠣᠳᠠᠰ ᠤᠨ ᠪᠣᠯᠪᠠᠰᠤᠨ ᠪᠠ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠬᠦᠰᠡᠯ ᠱᠠᠭᠠᠷᠳᠠᠯᠭ᠎ᠠ ᠶᠢ | ᠣᠨᠣᠪᠴᠢᠲᠠᠢ ᠵᠣᠯᠭᠠᠭᠤᠯᠵᠤ᠂ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠬᠦᠴᠢᠷ ᠠᠰᠠᠭᠤᠳᠠᠯ ᠢ ᠰᠢᠢᠳᠪᠦᠷᠢᠯᠡᠨ ᠪᠣᠳᠠᠲᠠᠢ ᠶᠠᠪᠤᠳᠠᠯ ᠬᠢᠵᠦ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠦᠨᠳᠦᠰᠦᠨ ᠱᠠᠲᠤᠨ ᠳᠤ ᠨᠡᠩ ᠰᠠᠶᠢᠨ ᠠᠰᠢᠭ ᠬᠦᠷᠲᠡᠭᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠤᠬᠠᠭᠤᠯᠭ᠎ᠠ | ᠦᠵᠡᠯ ᠰᠠᠨᠠᠭᠠᠨ ᠤ ᠠᠵᠢᠯ ᠤᠨ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ᠃ ᠬᠠᠶᠢᠨ ᠰᠦᠪᠡᠭᠴᠢᠯᠡᠬᠦ ᠠᠵᠢᠯᠯᠠᠭ᠎ᠠ ᠶᠢᠨ ᠬᠡᠯᠪᠡᠷᠢ ᠶᠢᠨ ᠲᠠᠯ᠎ᠠ ᠪᠠᠷ ᠦᠷᠭᠦᠯᠵᠢᠯᠡᠨ | ᠰᠢᠨ᠎ᠡ ᠶᠢ ᠡᠭᠦᠳᠴᠦ᠂ ᠢᠯᠡᠭᠦᠬᠡᠨ ᠰᠤᠷᠤᠯᠴᠠᠵᠤ ᠢᠯᠡᠭᠦᠬᠡᠨ ᠯᠠᠪᠯᠠᠯᠲᠠ ᠪᠣᠯᠭᠠᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ | ᠳᠠᠮᠵᠢᠭᠤᠯᠤᠨ᠂ ᠨᠠᠮ ᠤᠨ ᠲᠡᠦᠬᠡ ᠶᠢᠨ ᠮᠡᠳᠡᠯᠭᠡ ᠶᠢ ᠰᠠᠶᠢᠲᠤᠷ ᠶᠠᠷᠢᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠬᠠᠭᠤᠯᠭ᠎ᠠ ᠶᠢᠨ | ᠠᠵᠢᠯᠯᠠᠭ᠎ᠠ ᠶᠢ ᠨᠡᠩ ᠤᠯᠠᠨ ᠲᠦᠮᠡᠨ ᠤ ᠰᠡᠳᠬᠢᠯ ᠢ ᠨᠡᠩ ᠢᠯᠡᠭᠦᠦ ᠤᠢᠢᠷᠠᠳᠤᠭᠤᠯᠵᠤ᠂ ᠬᠥᠮᠦᠰ ᠤᠨ ᠰᠡᠳᠬᠢᠯ ᠢ ᠨᠡᠩ ᠢᠯᠡᠭᠦᠦ ᠨᠢᠭᠲᠠᠷᠠᠭᠤᠯᠵᠤ᠂ ᠬᠥᠮᠦᠰ ᠤᠨ | ᠰᠡᠳᠬᠢᠯ ᠢ ᠨᠡᠩ ᠢᠯᠡᠭᠦᠦ ᠬᠠᠳᠠᠩᠰᠢᠭᠤᠯᠬᠤ ᠬᠡᠷᠡᠭᠲᠡᠶ᠃ | |