ᠰᠢ ᠶᠢᠨ ᠫᠢᠩ ᠫᠠᠺᠢᠰᠲ᠋ᠠᠨ ᠤ ᠳᠡᠯᠡᠬᠡᠢ ᠶᠢᠨ ᠣᠷᠴᠢᠨ ᠲᠣᠭᠤᠷᠢᠨ ᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/6/8
      6 ᠰᠠᠷ᠎ᠠ ᠶᠢᠨ 5 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠡᠯᠡᠬᠡᠢ ᠶᠢᠨ ᠣᠷᠴᠢᠨ ᠲᠣᠭᠤᠷᠢᠨ ᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠫᠠᠺᠢᠰᠲ᠋ᠠᠨ ᠤ ᠢᠰᠯᠠᠮᠠᠪᠠᠳ᠋ ᠲᠤ ᠶᠠᠪᠤᠭᠳᠠᠭᠰᠠᠨ ᠳᠤ ᠵᠠᠬᠢᠳᠠᠯ ᠢᠯᠡᠭᠡᠵᠦ ᠪᠠᠶᠠᠷ ᠬᠦᠷᠭᠡᠪᠡ᠃       ᠰᠢ ᠶᠢᠨ ᠫᠢᠩ᠂ ᠡᠨᠡ ᠵᠢᠯ ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠠᠷᠪᠠᠨ ᠵᠢᠯ ᠤᠨ ᠡᠬᠢᠯᠡᠯᠲᠡ ᠶᠢᠨ ᠵᠢᠯ ᠪᠣᠯᠤᠨ᠎ᠠ᠂ ᠫᠠᠺᠢᠰᠲ᠋ᠠᠨ ᠤ ᠬᠢᠨ ︽ᠠᠮᠢ ᠠᠬᠤᠢ ᠶᠢᠨ ᠰᠢᠰᠲ᠋ᠧᠮ ᠢ ᠰᠡᠷᠭᠦᠭᠡᠬᠦ︾ ᠪᠠᠷ ᠭᠤᠣᠯ ᠰᠡᠳᠦᠪ ᠪᠣᠯᠭᠠᠭᠰᠠᠨ ᠳᠡᠯᠡᠬᠡᠢ ᠶᠢᠨ ᠣᠷᠴᠢᠨ ᠲᠣᠭᠤᠷᠢᠨ ᠤ ᠡᠳᠦᠷ ᠤᠨ ᠠᠵᠢᠯᠯᠠᠭ᠎ᠠ ᠡᠷᠬᠢᠯᠡᠭᠰᠡᠨ ᠨᠢ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠦ ᠭᠠᠷᠭᠠᠪᠠ᠃       ᠰᠢ ᠶᠢᠨ ᠫᠢᠩ᠂ ᠳᠡᠯᠡᠬᠡᠢ ᠶᠢᠨ ᠪᠥᠮᠪᠥᠷᠴᠡᠭ ᠪᠣᠯ ᠬᠥᠮᠦᠨ ᠲᠥᠷᠥᠯᠬᠢᠲᠡᠨ ᠤ ᠬᠠᠮᠲᠤ ᠶᠢᠨ ᠭᠡᠷ ᠣᠷᠣᠨ ᠮᠥᠨ᠃ ᠠᠮᠢ ᠠᠬᠤᠢ ᠮᠠᠨᠳᠤᠪᠠᠯ ᠪᠣᠯᠪᠠᠰᠤᠨ ᠮᠠᠨᠳᠤᠨ᠎ᠠ᠃ ᠬᠥᠮᠦᠨ ᠲᠥᠷᠥᠯᠬᠢᠲᠡᠨ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠵᠤ᠂ ᠬᠥᠮᠦᠨ ᠬᠢᠬᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠢᠨ᠎ᠡ ᠪᠠᠶᠢᠷᠢᠰᠢᠯ ᠢ ᠠᠬᠢᠭᠤᠯᠤᠨ ᠪᠦᠷᠢᠯᠳᠦᠬᠦᠯᠪᠡᠯ ᠵᠣᠬᠢᠨ᠎ᠠ᠃ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠠᠯᠳᠠᠬᠳᠠᠬᠤ᠂ ᠴᠦᠯᠯᠡᠷᠭᠡᠭᠵᠢᠯ ᠬᠡᠴᠡᠬᠦᠳᠡᠵᠤ ᠪᠠᠶᠢᠬᠤ ᠪᠠ ᠬᠠᠴᠢᠨ ᠠᠭᠤᠷ ᠠᠮᠢᠰᠬᠤᠯ ᠣᠯᠠᠨᠲᠠ ᠡᠭᠦᠰᠴᠦ ᠪᠠᠶᠢᠬᠤ ᠨᠢ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠯ ᠪᠠ ᠬᠥᠭᠵᠢᠯᠳᠠ ᠳᠤ ᠬᠦᠨᠳᠦ ᠨᠣᠴᠢᠲᠠᠢ ᠦᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠳᠡᠯᠡᠬᠡᠢ ᠶᠢᠷᠲᠢᠨᠴᠦ ᠪᠣᠯ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠬᠤᠪᠢ ᠵᠠᠶᠠᠭᠠᠨ ᠤ ᠬᠠᠮᠲᠤ ᠴᠣᠭᠴᠠ ᠮᠥᠨ᠂ ᠳᠡᠯᠡᠬᠡᠢ ᠨᠡᠶᠢᠭᠡᠮ ᠢᠶᠠᠷ ᠢᠶᠠᠨ ᠤᠷᠢᠳᠦ ᠡᠮᠦᠨ᠎ᠡ ᠪᠠᠶᠢᠭ᠎ᠠ ᠦᠭᠡᠢ ᠠᠤᠭ᠎ᠠ ᠰᠠᠨᠠᠭ᠎ᠠ ᠡᠷᠡᠯᠬᠡᠭ ᠵᠤᠷᠢᠭ ᠪᠠ ᠠᠵᠢᠯᠯᠠᠭ᠎ᠠ ᠪᠠᠷ ᠢᠶᠠᠨ ᠲᠥᠪ ᠭᠤᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠶᠡᠷᠦ ᠠᠴᠠ ᠬᠥᠮᠦᠨ ᠪᠠᠶᠢᠭᠠᠯᠢ ᠶᠢᠨ ᠨᠢᠭᠡᠳᠦᠯ ᠢ ᠡᠷᠬᠢᠮᠯᠡᠳᠡᠭ᠃ ᠳᠤᠮᠳᠠᠳᠤ ᠤᠯᠤᠰ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠶᠡᠷᠦᠩᠬᠡᠢ ᠪᠠᠶᠢᠷᠢᠰᠢᠭᠤᠯᠤᠯᠲᠠ ᠳᠤ ᠣᠷᠣᠭᠤᠯᠪᠠ᠃ ᠪᠦᠬᠦ ᠪᠥᠮᠪᠥᠷᠴᠡᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ᠂ ᠬᠦᠳᠦᠯᠦᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠠᠷ ᠡᠷᠡᠰ ᠴᠢᠷᠮᠠᠶᠢᠵᠤ ᠪᠠᠶᠢᠨ᠎ᠠ᠃ ᠳᠤᠮᠳᠠᠳᠤ ᠤᠯᠤᠰ ᠡᠨᠡ ᠵᠢᠯ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠠᠮᠢ ᠠᠬᠤᠢ ᠶᠢᠨ ᠬᠠᠮᠠᠭᠠᠯᠠᠯᠲᠠ ᠶᠢᠨ ᠶᠡᠭᠡ ᠪᠤᠳᠤᠯᠭ᠎ᠠ ᠶᠢ ᠵᠥᠪᠯᠡᠵᠦ᠂ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠂ ᠬᠥᠮᠦᠨ ᠬᠢᠭᠡᠳ ᠪᠠᠶᠢᠭᠠᠯᠢ ᠶᠢᠨ ᠠᠮᠢ ᠨᠠᠰᠤᠨ ᠤ ᠬᠠᠮᠲᠤ ᠴᠣᠭᠴᠠ ᠶᠢ ᠪᠠᠶᠢᠭᠤᠯᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠨ᠎ᠠ ᠭᠡᠵᠦ ᠵᠢᠭᠠᠵᠦ ᠭᠠᠷᠭᠠᠪᠠ᠃       1972 ᠣᠨ ᠳᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠢᠯ ᠪᠦᠷᠢ ᠶᠢᠨ 6 ᠰᠠᠷ᠎ᠠ ᠶᠢᠨ 5 ᠤ ᠡᠳᠦᠷ ᠢ ᠳᠡᠯᠡᠬᠡᠶ ᠶᠢᠨ ᠣᠷᠴᠢᠨ ᠲᠤᠭᠤᠷᠢᠨ ᠤ ᠡᠳᠦᠷ ᠢᠶᠠᠷ ᠲᠣᠭᠲᠠᠭᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠷᠴᠢᠨ ᠲᠤᠭᠤᠷᠢᠨ ᠤ ᠲᠥᠯᠥᠪᠵᠢᠭᠦᠯᠭᠡ ᠶᠢᠨ ᠵᠠᠬᠢᠷᠭ᠎ᠠ ᠵᠢᠯ ᠪᠦᠷᠢ ᠨᠢᠭᠡ ᠪᠦᠷᠢᠯᠳᠦᠬᠦᠨ ᠤᠯᠤᠰ ᠢ ᠰᠣᠩᠭᠤᠵᠤ ᠳᠡᠯᠡᠬᠡᠶ ᠶᠢᠨ ᠣᠷᠴᠢᠨ ᠲᠤᠭᠤᠷᠢᠨ ᠤ ᠡᠳᠦᠷ ᠢ ᠳᠤᠷᠠᠰᠬᠠᠬᠤ ᠠᠵᠢᠯᠯᠠᠭ᠎ᠠ ᠶᠢ ᠦᠷᠨᠢᠬᠦᠯᠳᠡᠭ᠃ ᠡᠨᠡ ᠵᠢᠯ ᠤᠨ ᠳᠡᠯᠡᠬᠡᠶ ᠶᠢᠨ ᠣᠷᠴᠢᠨ ᠲᠣᠭᠤᠷᠢᠨ ᠤ ᠡᠳᠦᠷ ᠤᠨ ᠭᠤᠤᠯ ᠰᠡᠳᠦᠪ ᠪᠣᠯ ︽ᠠᠮᠢ ᠠᠬᠤᠶ ᠶᠢᠨ ᠰᠢᠰᠲ᠋ᠧᠮ ᠢ ᠰᠡᠷᠭᠦᠭᠡᠬᠦ︾ ᠪᠣᠯᠤᠨ᠎ᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ