ᠯᠢ ᠺᠧ ᠴᠢᠶᠠᠩ ᠸᠢᠶᠧᠳ᠋ᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/6/8
      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ ᠵᠥᠩ ᠨᠠᠨ ᠬᠠᠶ ᠶᠢᠨ ᠽᠢ ᠭᠤᠸᠠᠩ ᠭᠧ ᠳᠤ ᠪᠣᠯᠵᠤᠭ᠎ᠠ ᠶᠣᠰᠣᠭᠠᠷ ᠸᠢᠶᠧᠳ᠋ᠨᠠᠮ ᠤᠨ ᠶᠡᠷᠦᠩᠬᠡᠶ ᠰᠠᠶᠢᠳ ᠹᠠᠨ ᠮᠢᠩ ᠵᠧᠩ ᠲᠠᠢ ᠤᠲᠠᠰᠤ ᠪᠠᠷ ᠶᠠᠷᠢᠯᠴᠠᠪᠠ᠃      ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠸᠢᠶᠧᠳ᠋ᠨᠠᠮ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠥᠬᠦᠷᠰᠡᠭ ᠬᠥᠷᠰᠢ ᠤᠯᠤᠰ ᠪᠣᠯᠤᠨ᠎ᠠ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 70 ᠭᠠᠷᠤᠢ ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠠᠬᠠᠮᠠᠳ ᠦᠶ᠎ᠡ ᠶᠢᠨ ᠤᠳᠤᠷᠢᠳᠬᠤ ᠬᠥᠮᠦᠰ ᠤᠨ ᠬᠠᠮᠲᠤ ᠪᠠᠷ ᠴᠣᠭᠴᠠᠯᠠᠨ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠢ ᠢᠮᠠᠭᠲᠠ ᠨᠠᠨᠳᠢᠩᠨᠠᠭᠰᠠᠭᠠᠷ ᠢᠷᠡᠪᠡ᠃ ᠣᠳᠣᠬᠠᠨ ᠳᠤ᠂ ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠪᠠᠶᠢᠩᠭᠤ ᠶᠢᠨ ᠴᠢᠨᠠᠷᠲᠠᠢ ᠣᠶᠢᠯᠠᠭᠠᠯᠴᠠᠭ᠎ᠠ ᠨᠡᠪᠲᠡᠷᠡᠯᠴᠡᠭᠡ ᠪᠠᠨ ᠪᠠᠲᠤᠯᠠᠭᠰᠠᠭᠠᠷ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠳᠠᠯ ᠦᠭᠡᠢ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠠᠨ ᠤᠭᠲᠤᠬᠤ ᠪᠣᠯᠤᠨ᠎ᠠ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠸᠢᠶᠧᠳ᠋ᠨᠠᠮ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢᠨ ᠬᠠᠨᠢᠲᠠᠨ ᠤ ᠬᠠᠷᠢᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ  ᠭᠡᠵᠡᠢ᠃     ᠯᠢ ᠺᠧ ᠴᠢᠶᠠᠩ ᠵᠢᠭᠠᠬᠤ ᠳᠤ ᠪᠠᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠲᠠᠭᠠᠷᠢᠯᠲᠠ ᠪᠠ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠪᠤᠰᠤ ᠴᠢᠨᠠᠷ ᠤᠨ ᠳᠡᠭᠡᠭᠰᠢᠯᠡᠯᠲᠡ ᠠᠴᠠ ᠪᠣᠯᠤᠭᠰᠠᠨ ᠥᠷᠢᠰᠥᠯᠳᠦᠭᠡᠨ ᠤ ᠡᠮᠦᠨ᠎ᠡ᠂ ᠳᠤᠮᠳᠠᠳᠤ ᠸᠢᠶᠧᠳ᠋ᠨᠠᠮ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭ᠎ᠠ ᠪᠠᠨ ᠥᠷᠭᠡᠳᠬᠡᠬᠦ ᠨᠢ ᠵᠡᠭᠦᠨ ᠠᠽᠢᠶ᠎ᠠ ᠶᠢᠨ ᠠᠵᠤ ᠠᠬᠤᠢ ᠶᠢᠨ ᠲᠣᠭᠲᠠᠭᠤᠨ ᠢᠶᠠᠷ ᠰᠡᠷᠭᠦᠬᠦ ᠶᠢ ᠳᠡᠮᠵᠢᠬᠦ ᠳᠤ ᠠᠰᠢᠭᠲᠠᠢ ᠶᠤᠮ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠸᠢᠶᠧᠳ᠋ᠨᠠᠮ ᠤᠨ ᠲᠠᠯ᠎ᠠ ᠶᠢᠨ ᠬᠢᠨ ᠲᠠᠢ ︽ᠨᠢᠭᠡ ᠪᠦᠰᠡ ᠨᠢᠭᠡ ᠵᠠᠮ︾ ᠪᠣᠯᠤᠨ ︽ᠬᠤᠶᠠᠷ ᠬᠤᠩᠬᠢᠯ ᠨᠢᠭᠡ ᠲᠣᠭᠤᠷᠢᠭ︾ ᠢ ᠬᠠᠮᠲᠤ ᠪᠠᠷ ᠪᠠᠶᠢᠭᠤᠯᠬᠤ ᠶᠢ ᠴᠢᠩᠭᠠᠳᠬᠠᠵᠤ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠤᠷᠤᠭᠰᠢᠲᠠᠢ ᠨᠡᠪᠲᠡᠷᠡᠬᠦ ᠶᠢ ᠪᠠᠲᠤᠯᠠᠨ᠎ᠠ᠃ ᠬᠢᠵᠢᠭ ᠢ ᠰᠡᠷᠭᠡᠶᠢᠯᠡᠨ ᠡᠵᠡᠮᠳᠡᠬᠦ᠂ ᠸᠠᠺᠼᠢᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠶᠢᠨ ᠲᠠᠯ᠎ᠠ ᠶᠢᠨ ᠬᠢᠨ ᠸᠢᠶᠧᠳ᠋ᠨᠠᠮ ᠤᠨ ᠲᠠᠯ᠎ᠠ ᠶᠢᠨ ᠬᠢᠨ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠨ᠎ᠡ᠃ ᠸᠢᠶᠧᠳ᠋ᠨᠠᠮ ᠤᠨ ᠲᠠᠯ᠎ᠠ ᠶᠢᠨ ᠬᠢᠨ ᠸᠢᠶᠧᠳ᠋ᠨᠠᠮ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠳ ᠲᠤ ᠸᠠᠺᠼᠢᠨ ᠳᠠᠷᠢᠬᠤ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠢ ᠪᠠᠭᠲᠠᠭᠠᠭᠰᠠᠨ ᠬᠤᠯᠪᠣᠭᠳᠠᠯ ᠪᠦᠬᠦᠢ ᠤᠯᠤᠰ ᠲᠠᠢ ᠬᠠᠮᠲᠤ ᠪᠠᠷ ᠴᠢᠷᠮᠠᠶᠢᠵᠤ ᠪᠠᠶᠢᠭᠠᠳ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵RCEP︶ ᠤᠨ ᠡᠷᠲᠡ ᠡᠳᠦᠷ ᠬᠦᠴᠦᠨ ᠲᠠᠢ ᠪᠣᠯᠬᠤ ᠶᠢ ᠠᠬᠢᠭᠤᠯᠵᠤ᠂ ᠭᠠᠵᠠᠷ ᠣᠷᠣᠨ ᠤ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠪᠡ᠃       ᠹᠠᠨ ᠮᠢᠩ ᠵᠧᠩ ᠸᠢᠶᠧᠳ᠋ᠨᠠᠮ ᠤᠨ ᠨᠠᠮ᠂ ᠵᠠᠰᠠᠭ ᠤᠨ ᠣᠷᠳᠣᠨ ᠪᠣᠯᠤᠨ ᠠᠷᠠᠳ ᠲᠦᠮᠡᠨ ᠢ ᠲᠥᠯᠥᠭᠡᠯᠡᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠪᠠᠶᠠᠷ ᠢ ᠬᠠᠯᠠᠭᠤᠨ ᠢᠶᠠᠷ ᠪᠡᠯᠭᠡᠯᠡᠪᠡ᠃ ᠹᠠᠨ ᠮᠢᠩ ᠵᠧᠩ ᠢᠯᠡᠳᠬᠡᠬᠦ ᠳᠤ ᠪᠠᠨ᠂ ᠸᠢᠶᠧᠳ᠋ᠨᠠᠮ ᠳᠤᠮᠳᠠᠳᠤ ᠶᠢᠨ ᠬᠤᠭᠤᠷᠣᠨᠳᠣᠬᠢ ᠤᠯᠠᠮᠵᠢᠯᠠᠯᠲᠤ ᠭᠦᠨ ᠵᠤᠵᠠᠭᠠᠨ ᠨᠥᠬᠦᠷᠯᠡᠯ ᠪᠣᠯ ᠬᠤᠶᠠᠷ ᠲᠠᠯ᠎ᠠ ᠶᠢᠨ ᠬᠠᠮᠲᠤ ᠶᠢᠨ ᠡᠳ᠋ ᠪᠠᠶᠠᠯᠢᠭ ᠪᠣᠯᠤᠨ᠎ᠠ᠃ ᠸᠢᠶᠧᠳ᠋ᠨᠠᠮ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢᠨ ᠬᠠᠨᠢᠲᠠᠨ ᠤ ᠬᠠᠷᠢᠴᠠᠭ᠎ᠠ ᠶᠢ ᠬᠠᠮᠠᠭᠠᠯᠠᠨ ᠬᠥᠭᠵᠢᠭᠦᠯᠬᠦ ᠪᠣᠯ ᠸᠢᠶᠧᠳ᠋ᠨᠠᠮ ᠤᠨ ᠭᠠᠳᠠᠭᠠᠳᠤ ᠬᠠᠷᠢᠯᠴᠠᠭᠠᠨ ᠤ ᠲᠡᠷᠢᠭᠦᠨ ᠴᠢᠬᠤᠯᠠ ᠶᠠᠪᠤᠳᠠᠯ ᠪᠣᠯᠤᠨ᠎ᠠ᠃ ᠸᠢᠶᠧᠳ᠋ᠨᠠᠮ ᠳᠤᠷᠠᠲᠠᠶ᠎ᠠ ᠳᠤᠮᠳᠠᠳᠤ ᠤᠯᠤᠰ ᠯᠤᠭ᠎ᠠ ᠶᠢᠨ ᠬᠠᠷᠢᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠠᠯᠵᠢᠶᠠᠨ ᠤ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠬᠠᠷᠢᠯᠴᠠᠨ ᠬᠤᠯᠪᠣᠭᠠᠯᠠᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠷᠢᠴᠠᠭ᠎ᠠ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ ᠭᠡᠪᠡ᠃       ᠬᠤᠶᠠᠷ ᠤᠯᠤᠰ ᠤᠨ ᠶᠡᠷᠦᠩᠬᠡᠢ ᠰᠠᠶᠢᠳ ᠬᠤᠶᠠᠷ ᠲᠠᠯ᠎ᠠ ᠪᠠᠷ ᠢᠶᠠᠨ ᠲᠤᠬᠢᠷᠠᠯᠴᠠᠭᠰᠠᠠ ᠬᠠᠮᠲᠤ ᠶᠢᠨ ᠲᠠᠨᠢᠯᠲᠠ ᠶᠣᠰᠣᠭᠠᠷ ᠳᠠᠯᠠᠢ ᠳᠡᠭᠡᠷᠡᠬᠢ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠡᠮᠦᠨᠡᠲᠦ ᠲᠠᠩᠭᠢᠰ ᠤᠨ ᠡᠩᠬᠡ ᠲᠠᠶᠢᠪᠤᠩ ᠪᠥᠭᠡᠳ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠬᠤ ᠪᠠᠷ ᠰᠠᠨᠠᠯ ᠨᠢᠭᠡᠲᠡᠢ ᠵᠥᠪᠰᠢᠶᠡᠷᠡᠵᠡᠢ᠃       ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ