ᠴᠠᠩ ᡁᠢ ᠭᠠᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢ ᠬᠥᠮᠦᠵᠢᠭᠦᠯᠦᠨ ᠴᠡᠭᠴᠡᠯᠡᠬᠦ ᠬᠤᠶᠠᠳᠤᠭᠠᠷ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/6/8
      6 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠴᠠᠩ ᡁᠢ ᠭᠠᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢ ᠬᠥᠮᠦᠵᠢᠭᠦᠯᠦᠨ ᠴᠡᠭᠴᠡᠯᠡᠬᠦ ᠬᠤᠶᠠᠳᠤᠭᠠᠷ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠪᠠ᠃ ᠬᠤᠳᠠ ᠶᠢᠨ ᠤᠳᠤᠷᠢᠳᠤᠯᠭ᠎ᠠ ᠸᠠᠩ ᡁᠢ ᠫᠢᠩ᠂ ᠯᠦᠸᠧ ᠵᠢᠶᠦ᠋ᠨ ᠶᠤᠸᠠᠨ᠂  ᠬᠠᠢ ᠱᠠᠨ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃   ᠬᠤᠷᠠᠯ ᠳᠡᠭᠡᠷ᠎ᠡ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠤ ᠳᠠᠷᠤᠭ᠎ᠠ ᠨᠢᠦ ᠹᠠᠩ ᠽᠧ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ ᠡᠯ᠎ᠡ ᠪᠠᠭ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ᠃       ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠴᠠᠩ ᡁᠢ ᠭᠠᠩ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠦ᠂ ᠬᠤᠷᠠᠯ ᠤᠨ ᠦᠵᠡᠯ ᠰᠠᠨᠠᠭ᠎ᠠ ᠪᠠᠨ ᠰᠣᠯᠢᠯᠴᠠᠬᠤ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠨᠤᠲᠠᠯᠠᠵᠤ᠂ ᠪᠠᠰᠠ ᠦᠵᠡᠯ ᠰᠠᠨᠠᠭ᠎ᠠ ᠲᠠᠨᠢᠯᠲᠠ᠂ ᠠᠰᠠᠭᠤᠳᠠᠯ ᠢ ᠪᠠᠶᠢᠴᠠᠭᠠᠨ ᠳᠡᠯᠭᠡᠬᠦ᠂ ᠰᠢᠯᠲᠠᠭᠠᠨ ᠢ ᠵᠠᠳᠠᠯᠬᠤ᠂ ᠬᠠᠷᠢᠯᠴᠠᠨ ᠰᠢᠭᠦᠮᠵᠢᠯᠡᠬᠦ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠵᠡᠷᠭᠡ ᠲᠠᠯ᠎ᠠ ᠠᠴᠠ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ ᠲᠥᠪ ᠤᠨ ᠬᠢᠨᠠᠨ ᠵᠢᠯᠣᠭᠤᠳᠬᠤ ᠳᠤᠭᠤᠶᠢᠯᠠᠩ ᠪᠠ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠬᠥᠮᠦᠵᠢᠯ ᠴᠡᠭᠴᠡᠯᠡᠯᠲᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃       ᠴᠠᠩ ᡁᠢ ᠭᠠᠩ ᠴᠢᠬᠤᠯᠠᠴᠢᠯᠠᠭᠰᠠᠨ ᠨᠢ᠂ ᠪᠥᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠪᠣᠯᠤᠨ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠦᠵᠡᠯ ᠰᠠᠨᠠᠭᠠᠨ ᠤ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠨ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠡᠷᠡᠰ ᠰᠢᠭᠤᠷᠬᠠᠶ ᠪᠠᠷ ᠡᠴᠦᠰ ᠲᠤᠨᠢ ᠲᠤᠯᠲᠠᠯ᠎ᠠ ᠬᠢᠬᠦ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠡᠬᠢᠨ ᠠᠴᠠ ᠨᠢ ᠳᠠᠭᠤᠰᠲᠠᠯ᠎ᠠ  ᠲᠤᠭᠤᠰᠢᠯᠠᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ᠬᠥᠮᠦᠵᠢᠯ ᠴᠡᠭᠴᠡᠯᠡᠯᠲᠡ ᠶᠢᠨ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠬᠠᠮᠠᠭᠠᠯᠠᠯᠲᠠ︾ ᠶᠢ ᠦᠢᠯᠡᠳᠦᠯᠭᠡᠵᠢᠭᠦᠯᠬᠦ ᠬᠡᠷᠡᠭᠲᠡᠢ᠃       ᠴᠠᠩ ᡁᠢ ᠭᠠᠩ ᠱᠠᠭᠠᠷᠳᠠᠭᠰᠠᠨ ᠨᠢ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠬᠡᠷᠡᠭᠲᠡᠶ᠃ ᠦᠵᠡᠯ ᠰᠠᠨᠠᠭᠠᠨ ᠤ ᠲᠠᠶᠢᠴᠢᠯᠡᠯᠳᠡ ᠶᠢ ᠴᠢᠩᠭᠠᠳᠬᠠᠵᠤ᠂ ᠥᠷᠭᠡᠨ ᠤᠯᠠᠨ ᠺᠠᠳ᠋ᠷ ᠴᠠᠭᠳᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠪᠠᠶᠢᠴᠠᠭᠠᠨ ᠦᠵᠡᠬᠦ᠂ ᠠᠰᠠᠭᠤᠳᠠᠯ ᠢᠶᠠᠨ ᠲᠤᠰᠢᠶᠠᠬᠤ ᠰᠠᠨᠠᠭᠠᠴᠢᠯᠠᠭᠠᠲᠤ ᠴᠢᠨᠠᠷ ᠪᠠ ᠪᠠᠴᠢᠮ ᠲᠤᠯᠭᠠᠮ᠎ᠠ ᠰᠡᠳᠬᠢᠯᠭᠡ ᠶᠢ ᠨᠢ ᠴᠢᠩᠭᠠᠳᠬᠠᠬᠤ ᠬᠡᠷᠡᠭᠲᠡᠶ︔ ᠬᠦᠴᠦᠨ ᠢᠶᠠᠨ ᠴᠢᠩᠭᠠᠳᠬᠠᠵᠤ᠂ ᠡᠷᠴᠢᠮ ᠢᠶᠠᠨ ᠴᠢᠩᠭᠠᠷᠠᠭᠤᠯᠵᠤ᠂ ᠠᠬᠢᠴᠠ ᠶᠢ ᠬᠢᠨᠠᠨ ᠪᠠᠶᠢᠴᠠᠭᠠᠵᠤ ᠰᠦᠪᠡᠭᠴᠢ ᠶᠢ ᠵᠢᠭᠰᠠᠭᠠᠨ ᠪᠠᠶᠢᠴᠠᠭᠠᠬᠤ ᠶᠢ ᠲᠦᠷᠭᠡᠳᠬᠡᠵᠦ᠂ ᠨᠢᠭᠡ ᠪᠦᠯᠦᠭ ᠪᠡᠯᠭᠡ ᠳᠡᠮᠳᠡᠭ ᠤᠨ ᠴᠢᠨᠠᠷᠲᠠᠢ ᠬᠡᠷᠡᠭ ᠢ ᠴᠢᠩᠭ᠎ᠠ ᠪᠣᠳᠠᠲᠠᠢ ᠪᠠᠶᠢᠴᠠᠭᠠᠨ ᠰᠢᠢᠳᠪᠦᠷᠢᠯᠡᠵᠦ᠂ ᠬᠦᠴᠦᠷᠬᠡᠭ ᠶᠡᠭᠡ ᠰᠦᠷᠳᠡᠭᠦᠯᠦᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ︔ ᠳᠦᠷᠦᠯ ᠬᠤᠪᠢᠶᠠᠨ ᠳᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠ ᠬᠠᠨᠳᠤᠯᠭᠠᠲᠤ ᠵᠠᠰᠠᠯᠭ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠷᠬᠠᠭ ᠭᠡᠮ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠴᠢᠨᠠᠭᠰᠢᠳᠠ ᠰᠠᠶᠢᠲᠤᠷ ᠠᠳᠬᠤᠬᠤ ᠬᠡᠷᠡᠭᠲᠡᠢ᠃ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠥᠪ ᠤᠨ ᠬᠢᠨᠠᠨ ᠵᠢᠯᠣᠭᠤᠳᠴᠤ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠵᠢᠷᠤᠭ ᠡᠯᠭᠦᠨ ᠪᠠᠶᠢᠯᠳᠤᠬᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠬᠤ ᠶᠢ ᠪᠠᠷᠢᠮᠲᠠᠯᠠᠵᠤ᠂ ︽ᠣᠳᠣᠬᠠᠨ ᠤ ᠥᠭᠡᠷᠡᠴᠢᠯᠡᠯᠲᠡ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠬᠠᠷᠢᠯᠴᠠᠨ ᠤᠶᠠᠯᠳᠤᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠬᠥᠮᠥᠷᠭᠡ ᠶᠢ ᠴᠡᠪᠡᠷᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠠᠷ ᠠᠵᠠ ᠲᠣᠬᠢᠶᠠᠯ ᠪᠣᠯᠭᠠᠨ᠂ ᠤᠯᠤᠰ ᠲᠦᠷᠦ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠤᠨ᠂ ᠬᠥᠮᠦᠵᠢᠯ ᠴᠡᠭᠴᠡᠯᠡᠯᠲᠡ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠭᠠᠷ ᠲᠠᠭᠠᠨ ᠠᠳᠬᠤᠬᠤ ᠬᠡᠷᠡᠭᠲᠡᠶ︔ ᠨᠠᠮ ᠤᠨ ᠦᠢᠯᠡᠰ ᠤᠨ ᠬᠥᠭᠵᠢᠯᠲᠡ ᠶᠢᠨ ᠳᠡᠭᠡᠳᠦ ᠬᠡᠮᠵᠢᠶᠡᠨ ᠠᠴᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠨᠠᠮ ᠪᠠ ᠠᠷᠠᠳ ᠲᠦᠮᠡᠨ ᠤ ᠢᠲᠡᠭᠡᠯ ᠲᠠᠢ᠂ ᠨᠠᠶᠢᠳᠠᠪᠤᠷᠢᠲᠠᠶ᠂ ᠰᠠᠨᠠᠭ᠎ᠠ ᠠᠮᠤᠷ ᠳᠣᠲᠣᠭᠠᠳᠤ ᠶᠢ ᠬᠠᠮᠠᠭᠠᠯᠠᠬᠤ ᠨᠢᠭᠡᠨ ᠰᠠᠯᠠᠭ᠎ᠠ ᠲᠡᠮᠤᠷ ᠴᠡᠷᠢᠭ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠴᠢᠨᠠᠭᠰᠢᠳᠠ ᠴᠢᠩᠭᠠᠳᠬᠠᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠠᠵᠢᠯ ᠲᠠᠢ ᠨᠢᠭᠲᠠ ᠤᠶᠠᠯᠳᠤᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ  ᠭᠡᠪᠡ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ