ᠮᠠᠨ ᠤ ᠬᠤᠲᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠤᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/8
      6 ᠳ᠋ᠤᠭᠠᠷ ᠰᠠᠷ᠎ᠠ ᠶᠢᠨ 4 ᠤ ᠡᠳᠦᠷ᠂ ᠮᠠᠨ ᠤ ᠬᠤᠲᠠ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ  ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ  ᠬᠠᠢ ᠱᠠᠨ ᠣᠷᠣᠯᠴᠠᠪᠠ᠃       ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ  ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠵᠤ᠂ ︽ᠬᠤᠶᠠᠷ ᠢ ᠬᠠᠮᠠᠭᠠᠯᠠᠬᠤ︾ ᠶᠢ ᠪᠣᠳᠠᠲᠠᠶ ᠠᠵᠢᠯ ᠤᠨ ᠳᠤᠮᠳᠠ ᠪᠠᠨ ᠢᠯᠡᠷᠡᠭᠦᠯᠬᠦ ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠪᠠ ᠦᠨᠡᠯᠡᠨ ᠵᠢᠱᠢᠵᠦ ᠬᠢᠨᠠᠨ ᠰᠢᠯᠭᠠᠬᠤ ᠶᠢ ᠴᠢᠩᠭᠠᠳᠬᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠳᠡᠭᠡᠷ᠎ᠡ᠂ ᠯᠢᠨ ᠾᠧ ᠲᠣᠭᠤᠷᠢᠭ᠂ ᠤᠷᠠᠳ ᠤᠨ ᠡᠮᠦᠨᠡᠲᠦ ᠬᠤᠰᠢᠭᠤ᠂ ᠦᠶᠤᠸᠠᠨ ᠰᠢᠶᠠᠨ ᠵᠡᠷᠭᠡ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ  ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠤᠷᠰᠢᠯᠭ᠎ᠠ ᠬᠢᠳᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠠᠷᠢᠭᠤ ᠮᠡᠳᠡᠭᠦᠯᠦᠯᠲᠡ ᠬᠢᠵᠡᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ