ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠶ᠎ᠠ — ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠭᠰᠠᠨ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2021/6/9
      ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 4 ᠤ ᠡᠳᠦᠷ ᠤᠨ ᠴᠠᠬᠢᠯᠭᠠᠨᠭᠠᠷᠴᠠᠭ᠄ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠶ᠎ᠠ — ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠭᠰᠠᠨ ᠪᠣᠳᠠᠲᠤ ᠲᠡᠮᠳᠡᠭᠯᠡᠯ      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠴᠢ ᠵᠦᠩ ᠰᠢ᠂ ᠭᠤᠣ ᠵᠢᠩ᠂ ᠬᠤ᠋ ᠯᠦ᠂ ᠢᠦᠢ ᠸᠧᠨ ᠵᠢᠩ      6 ᠳ᠋ᠤᠭᠠᠷ ᠰᠠᠷ᠎ᠠ ᠶᠢᠨ 5 ᠤ ᠡᠳᠦᠷ ᠪᠣᠯ ᠳᠡᠯᠡᠬᠡᠶ ᠶᠢᠨ ᠣᠷᠴᠢᠨ ᠲᠣᠭᠤᠷᠢᠨ ᠤ ᠡᠳᠦᠷ ᠪᠣᠯᠣᠨ᠎ᠠ᠃ ᠡᠨᠡ ᠵᠢᠯ ᠤᠨ ᠮᠠᠨ ᠤ ᠤᠯᠤᠰ ᠤᠨ ᠲᠣᠭᠲᠠᠭᠠᠭᠰᠠᠨ ᠣᠷᠴᠢᠨ ᠲᠣᠭᠤᠷᠢᠨ ᠤ ᠡᠳᠦᠷ ᠤᠨ ᠭᠤᠤᠯ ᠰᠡᠳᠦᠪ ᠪᠣᠯ ︽ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ︾ ᠪᠣᠯᠤᠨ᠎ᠠ᠃      ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠰᠠᠭᠤᠷᠢ ᠶᠢ ᠬᠠᠮᠲᠤ ᠪᠠᠷ ᠴᠣᠭᠴᠠᠯᠠᠨ᠎ᠠ᠃       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠶᠠᠭ ᠵᠢᠷᠤᠭ ᠲᠥᠰᠦᠪ ᠠᠴᠠ ᠪᠠᠨ ᠪᠣᠳᠠᠲᠤ ᠠᠬᠤᠢ ᠪᠣᠯᠤᠨ ᠬᠤᠪᠢᠷᠠᠵᠤ ᠪᠠᠶᠢᠨ᠎ᠠ᠃     ᠭᠦᠨᠵᠡᠭᠡᠢ ᠰᠡᠳᠬᠢᠵᠦ ᠬᠤᠯᠠ ᠶᠢ ᠪᠣᠳᠣᠯᠬᠢᠯᠠᠬᠤ — ᠠᠮᠢ ᠠᠬᠤᠢ ᠶᠢᠨ ᠪᠣᠯᠪᠠᠰᠤᠨ ᠢ ᠪᠠᠶᠢᠭᠤᠯᠵᠤ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠵᠠᠮ ᠢ ᠰᠦᠪᠡᠭᠴᠢᠯᠡᠶ᠎ᠡ 
6375876471613771247946655.jpg
      ᠡᠨᠡ ᠵᠢᠷᠤᠭ ᠪᠣᠯ ᠵᠢᠶᠠᠩᠰᠦ ᠮᠤᠵᠢ ᠶᠢᠨ ᠨᠠᠨᠲ᠋ᠦ᠋ᠩ ᠤᠨ ᠲᠠᠪᠤᠨ ᠠᠭᠤᠯᠠ ᠵᠢᠴᠢ ᠮᠥᠷᠡᠨ ᠳᠠᠭᠠᠤ ᠶᠢᠨ ᠦᠵᠡᠮᠵᠢ ᠪᠣᠯᠤᠨ᠎ᠠ ︵2020 ᠣᠨ ᠤ 11 ᠳ᠋ᠦ᠋ᠭᠡᠷ ᠰᠠᠷ᠎ᠠ ᠶᠢᠨ 13 ᠤ ᠡᠳᠦᠷ ᠰᠡᠭᠦᠳᠡᠷᠯᠡᠪᠡ᠂ ᠵᠢᠯᠣᠭᠤᠴᠢ ᠦᠭᠡᠶ ᠨᠢᠰᠬᠡᠯ ᠤᠨ ᠰᠡᠭᠦᠳᠡᠷ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠶ ᠴᠦᠨ ᠫᠧᠩ ᠰᠡᠭᠦᠳᠡᠷᠯᠡᠪᠡ      ᠵᠢᠶᠠᠩᠰᠦ ᠮᠤᠵᠢ ᠶᠢᠨ ᠨᠠᠨᠲ᠋ᠦ᠋ᠩ ᠬᠤᠳᠠ ᠪᠣᠯ ᠲᠦᠮᠡᠨ ᠭᠠᠵᠠᠷ ᠤᠨ ᠬᠥᠬᠡᠮᠥ᠋ᠷᠡᠨ ᠤ ᠤᠷᠤᠰᠬᠠᠯ ᠤᠨ ᠲᠠᠯᠠᠢ ᠳᠤ ᠴᠢᠳᠬᠤᠬᠤ ︽ᠡᠴᠦᠰ ᠤᠨ ᠦᠷᠳᠡᠭᠡ︾ ᠪᠣᠯᠤᠨ᠎ᠠ᠃ ᠬᠤᠲᠠ ᠶᠢᠨ ᠲᠣᠭᠤᠷᠢᠭ ᠤᠨ ᠡᠮᠦᠨ᠎ᠡ ᠬᠡᠰᠡᠭ ᠲᠤ ᠬᠤᠸᠠᠩ ᠨᠢ ᠱᠠᠨ ᠠᠭᠤᠯᠠ᠂ ᠮᠠ ᠠᠨ ᠱᠠᠨ ᠠᠭᠤᠯᠠ᠂ ᠯᠠᠩ ᠱᠠᠨ ᠠᠭᠤᠯᠠ᠂ ᠵᠢᠶᠠᠨ ᠱᠠᠨ  ᠠᠭᠤᠯᠠ᠂ ᠵᠢᠶᠦ᠋ᠨ ᠱᠠᠨ ᠠᠭᠤᠯᠠ ᠵᠡᠷᠭᠡ ᠲᠠᠪᠤᠨ ᠠᠭᠤᠯᠠ ᠮᠥᠷᠡᠨ ᠲᠠᠢ ᠨᠢᠭᠤᠷᠯᠠᠨ ᠰᠦᠨᠳᠡᠷᠯᠡᠵᠦ᠂ ᠠᠭᠤᠯᠠ ᠤᠰᠤ ᠲᠦᠰᠢᠯᠴᠡᠵᠦ ᠪᠠᠶᠢᠳᠠᠭ᠃      ︽ᠥᠩᠭᠡᠷᠡᠭᠰᠡᠨ ᠳᠤ ᠪᠢᠳᠡ ᠮᠥᠷᠡᠨ ᠤ ᠬᠥᠪᠡᠭᠡᠨ ᠳᠤ ᠰᠠᠭᠤᠵᠤ ᠪᠠᠶᠢᠭᠰᠠᠨ ᠪᠣᠯᠪᠠᠴᠤ ᠮᠥᠷᠡᠨ ᠢ ᠣᠯᠵᠤ ᠦᠵᠡᠬᠦ ᠦᠭᠡᠢ ᠪᠠᠶᠢᠭᠰᠠᠨ᠃︾ ᠨᠠᠨᠲ᠋ᠦ᠋ᠩ ᠬᠤᠲᠠ ᠶᠢᠨ ᠠᠷᠠᠳ ᠬᠤᠸᠠᠩ ᠵᠢᠶᠠ ᠶᠦᠩ᠄ ︽ᠭᠠᠷᠠᠮ ᠤᠨ ᠠᠵᠢᠯ ᠤᠨ ᠬᠤᠭ ᠲᠣᠭᠤᠰᠣ ᠳᠡᠩᠳᠡᠭᠦᠦ ᠶᠡᠭᠡ᠂ ᠴᠣᠩᠬᠤ ᠪᠠᠨ ᠨᠡᠭᠡᠭᠡᠵᠦ ᠪᠣᠯᠬᠤ ᠦᠭᠡᠢ᠂ ᠬᠥᠨᠵᠢᠯᠡ ᠪᠠᠨ ᠨᠡᠷᠡᠨ ᠳᠤ ᠡᠭᠡᠭᠡᠵᠦ ᠴᠢᠳᠠᠬᠤ ᠦᠭᠡᠢ︾ ᠭᠡᠵᠦ ᠬᠡᠯᠡᠪᠡ᠃      100 ᠭᠠᠷᠤᠢ ᠵᠢᠯ ᠤᠨ ᠡᠮᠦᠨ᠎ᠡ᠂ ᠠᠵᠤ ᠣᠶᠢᠯᠠᠰᠴᠢᠨ ᠵᠠᠩ ᠵᠢᠶᠠᠨ ᠨᠤᠲᠤᠭ ᠤᠨ ᠢᠶᠠᠨ ᠲᠠᠪᠤᠨ ᠠᠭᠤᠯᠠ ᠣᠷᠣᠨ ᠨᠢ ︽ᠴᠡᠴᠡᠷᠯᠢᠭ ᠮᠥᠷᠲᠡᠭᠡᠨ ᠦᠵᠡᠮᠵᠢ ᠶᠢᠨ ᠣᠷᠣᠨ︾ ᠪᠣᠯᠬᠤ ᠶᠢ ᠬᠦᠰᠡᠵᠦ ᠪᠠᠶᠢᠪᠠ᠃ ᠭᠡᠲᠡᠯ᠎ᠡ᠂ ᠲᠠᠪᠤᠨ ᠠᠭᠤᠯᠠ ᠵᠢᠴᠢ ᠮᠥᠷᠡᠨ ᠳᠠᠭᠠᠤ ᠣᠷᠣᠨ ᠳᠤ ᠨᠢᠭᠡ ᠦᠶ᠎ᠡ ᠠᠶᠤᠯ ᠲᠠᠢ ᠬᠢᠮᠢ ᠶᠢᠨ ᠪᠣᠳᠠᠰ ᠤᠨ ᠭᠠᠷᠠᠮ᠂ ᠵᠠᠳᠠᠭᠠᠶ ᠪᠠᠷᠠᠭᠠᠨ ᠤ ᠭᠠᠷᠠᠮ᠂ ᠴᠢᠩᠭᠡᠯᠢᠭ ᠤᠨ ᠭᠠᠷᠠᠮ ᠵᠡᠷᠭᠡ ᠨᠢ ᠣᠳᠣᠨ ᠮᠡᠴᠢᠳ ᠰᠢᠭ ᠲᠠᠷᠬᠠᠵᠤ᠂ ᠲᠤᠬᠠᠶ ᠶᠢᠨ ᠭᠠᠵᠠᠷ ᠲᠤ ᠪᠣᠬᠢᠷ ᠤᠰᠤ ᠂ ᠲᠣᠭᠤᠰᠣ ᠰᠢᠷᠣᠶ ᠵᠡᠷᠭᠡ ᠨᠢ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠠᠴᠠ ᠠᠳᠡᠬᠢ ︽ᠮᠥᠷᠡᠨ ᠳᠠᠭᠠᠤ ᠰᠠᠭᠤᠭᠰᠠᠨ ᠴᠤ ᠮᠥᠷᠡᠨ ᠬᠠᠷᠠᠭᠳᠠᠬᠤ ᠥᠬᠡᠶ᠂ ᠤᠰᠤᠨ ᠤ ᠣᠶᠢᠷ᠎ᠠ ᠪᠠᠶᠢᠭᠰᠠᠨ ᠴᠤ ᠤᠰᠤᠨ ᠳᠤ ᠬᠦᠷᠬᠦ ᠦᠭᠡᠢ︾ ᠪᠠᠶᠢᠳᠠᠯ ᠢ ᠡᠭᠦᠰᠬᠡᠪᠡ᠃      ᠵᠥᠪᠬᠡᠨ ᠨᠠᠨᠲ᠋ᠦ᠋ᠩ ᠯᠡ ᠡᠶᠢᠮᠦ ᠭᠡᠵᠦ ᠦᠦ︖ ᠥᠩᠭᠡᠷᠡᠭᠰᠡᠨ ᠳᠤ᠂ ᠰᠧᠴᠤᠸᠠᠨ ᠤ ᠠᠭᠤᠯᠠ ᠤᠰᠤ ᠠᠴᠠ ᠵᠢᠶᠠᠩᠨᠠᠨ ᠬᠦᠷᠲᠡᠯ᠎ᠡ᠂ ᠪᠣᠬᠢᠷ ᠤᠰᠤ ᠭᠤᠣᠯ ᠮᠥᠷᠡᠨ ᠳᠤ ᠤᠷᠤᠰᠤᠨ ᠣᠷᠣᠵᠤ᠂ ᠭᠠᠷᠠᠮ ᠳᠤ ᠬᠠᠶᠢᠷ ᠴᠢᠯᠠᠭᠤ ᠣᠪᠣᠭᠠᠷᠠᠨ᠂ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠮᠥᠷᠡᠨ ᠢ ᠬᠦᠷᠢᠶᠡᠯᠡᠵᠦ᠂ ᠬᠥᠬᠡᠮᠥ᠋ᠷᠡᠨ ᠤ ᠤᠰᠤᠨ ᠤ ᠴᠢᠨᠠᠷ ᠦᠷᠭᠦᠯᠵᠢᠯᠡᠨ ᠮᠠᠭᠤᠳᠠᠵᠤ᠂ ᠠᠮᠢ ᠠᠬᠤᠢ ᠶᠢᠨ ᠴᠢᠳᠠᠮᠵᠢ ᠠᠭᠠᠵᠢᠮ ᠢᠶᠠᠷ ᠳᠣᠷᠦ᠋ᠢᠲᠠᠨ᠂ ᠠᠮᠢ ᠠᠬᠤᠢ ᠶᠢᠨ ᠰᠢᠰᠲ᠋ᠧᠮ ᠤᠨ ᠰᠡᠷᠡᠮᠵᠢ ᠶᠢᠨ ᠬᠤᠩᠬᠤ ᠵᠠᠯᠭᠠᠭ᠎ᠠ ᠪᠠᠷ ᠳᠤᠤᠭᠠᠷᠴᠤ ᠪᠠᠶᠢᠯ᠎ᠠ᠃ ᠰᠢ ᠶᠢᠨ ᠫᠢᠩ ᠶᠡᠷᠦᠩᠬᠡᠶ ᠱᠦᠵᠢ ᠡᠵᠢ ᠭᠤᠤᠯ ᠢ᠄ ︽ᠡᠪᠡᠳᠴᠢᠯᠡᠪᠡ᠂ ᠬᠦᠨᠳᠦ ᠡᠪᠡᠳᠴᠢᠯᠡᠪᠡ︾ ᠭᠡᠵᠦ ᠰᠡᠳᠬᠢᠯ ᠰᠢᠮᠰᠢᠷᠡᠨ ᠳᠦᠷᠰᠦᠯᠡᠵᠦ ᠥᠩᠭᠡᠷᠡᠭᠰᠡᠨ ᠶᠤᠮ᠃      ᠵᠥᠪᠬᠡᠨ ᠬᠥᠬᠡᠮᠥ᠋ᠷᠡᠨ ᠯᠡ ᠡᠶᠢᠮᠦ ᠭᠡᠵᠦ ᠦᠦ︖ ᠥᠩᠭᠡᠷᠡᠭᠰᠡᠨ ᠳᠤ᠂ ᠬᠡᠳᠦᠨ ᠠᠷᠪᠠᠨ ᠵᠢᠯ ᠤᠨ ᠲᠦᠷᠭᠡᠨ ᠬᠥᠭᠵᠢᠯᠲᠡ ᠪᠠᠷ ᠳᠡᠮᠵᠢᠨ ᠬᠤᠷᠠᠮᠳᠤᠭᠰᠠᠨ ᠣᠷᠴᠢᠨ ᠲᠣᠭᠤᠷᠢᠨ ᠤ ᠠᠰᠠᠭᠤᠳᠠᠯ ᠨᠢ ᠥᠨᠳᠥᠷ ᠬᠦᠴᠦᠯᠡᠴᠡ ᠪᠠᠷ ᠪᠠᠶᠢᠨ ᠳᠠᠬᠢᠨ ᠡᠭᠦᠰᠬᠦ ᠪᠣᠯᠵᠤ᠂ ᠨᠠᠮᠤᠷ ᠡᠪᠦᠯ ᠤᠨ ᠤᠯᠠᠷᠢᠯ ᠳᠤ ᠪᠣᠬᠢᠷ ᠮᠠᠨᠠᠨ ᠪᠠᠶᠢᠨ ᠳᠠᠬᠢᠨ ᠠᠭᠠᠷ ᠤᠨ ᠪᠣᠬᠢᠷᠲᠤᠯ ᠤᠨ ᠰᠡᠷᠡᠮᠵᠢ ᠶᠢᠨ ᠳᠣᠬᠢᠶ᠎ᠠ ᠶᠢ ᠳᠤᠤᠭᠠᠷᠭᠠᠵᠤ᠂ ᠭᠤᠤᠯ ᠮᠥᠷᠡᠨ ᠤ ᠵᠢᠭᠠᠰᠤ ᠵᠢᠷᠠᠭᠠᠬᠠᠢ ᠴᠥᠭᠡᠷᠡᠵᠦ᠂ ᠤᠰᠤᠨ ᠤ ᠴᠢᠨᠠᠷ ᠬᠦᠨᠳᠦ ᠨᠣᠴᠢᠲᠠᠢ ᠮᠠᠭᠤᠳᠠᠪᠠ᠃
6375876474312208224770586.jpg
      ᠬᠠᠲᠤᠨ ᠭᠤᠤᠯ ᠨᠢᠩᠰᠢᠶᠠ ᠶᠢᠨ ᠵᠥᠩ ᠸᠧᠶ ᠬᠤᠲᠠ ᠶᠢᠨ ᠱᠠ ᠫᠥᠸᠧ ᠳᠧᠦ ᠲᠣᠭᠤᠷᠢᠭ ᠢᠶᠠᠷ ᠤᠷᠤᠰᠤᠨ ᠥᠩᠭᠡᠷᠡᠨ᠎ᠡ ︵2021 ᠣᠨ ᠤ 3 ᠳ᠋ᠤᠭᠠᠷ ᠰᠠᠷ᠎ᠠ ᠶᠢᠨ 3 ᠤ ᠡᠳᠦᠷ ᠰᠡᠭᠦᠳᠡᠷᠯᠡᠪᠡ᠂ ᠵᠢᠯᠣᠭᠤᠴᠢ ᠥᠬᠡᠶ ᠨᠢᠰᠬᠡᠯ ᠤᠨ ᠰᠡᠭᠦᠳᠡᠷ︶᠃ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠲᠠᠩ ᠷᠦ ᠹᠧᠩ ᠰᠡᠭᠦᠳᠡᠷᠯᠡᠪᠡ︶      2016 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠴᠦᠩᠴᠢᠩ ᠳᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠬᠤ ᠶᠠᠷᠢᠯᠴᠠᠭᠠᠨ ᠤ ᠬᠤᠷᠠᠯ ᠢ ᠬᠤᠷᠠᠯᠳᠤᠭᠤᠯᠵᠤ᠂ ︽ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠨ ᠬᠥᠭᠵᠢᠭᠦᠯᠦᠯᠲᠡ ᠶᠢ ᠦᠯᠦ ᠬᠢᠬᠦ ᠬᠡᠷᠡᠭᠲᠡᠢ︾ ᠭᠡᠵᠦ ᠬᠥᠮᠦᠰ ᠲᠤ ᠰᠡᠷᠡᠮᠵᠢᠯᠡᠭᠦᠯᠦᠨ ᠳᠤᠷᠠᠳᠪᠠ᠃ᠴᠠᠭ ᠮᠥᠴᠡ ᠥᠩᠭᠡᠷᠡᠨ ᠣᠳᠴᠤ᠂ ᠵᠠᠩ ᠵᠢᠶᠠᠨ ᠤ ᠬᠦᠰᠡᠯ ᠡᠴᠦᠰ ᠲᠤ ᠪᠠᠨ ᠪᠡᠶᠡᠯᠡᠭᠳᠡᠪᠡ᠃ ᠤᠢᠢᠷ᠎ᠠ ᠶᠢᠨ ᠵᠢᠯ ᠤᠳ ᠠᠴᠠ ᠨᠠᠭᠠᠰᠢ᠂ ᠨᠠᠨᠲ᠋ᠦ᠋ᠩ ᠲᠤᠬᠠᠢ ᠶᠢᠨ ᠭᠠᠵᠠᠷ ᠤᠨ ᠢᠶᠠᠨ ᠨᠡᠶᠢᠳᠡ 200 ᠭᠠᠷᠤᠢ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ ᠠᠵᠤ ᠠᠬᠤᠶᠢᠯᠠᠯ ᠢ ᠬᠠᠭᠠᠵᠤ ᠵᠣᠭᠰᠣᠭᠠᠭᠠᠳ᠂ 160 ᠭᠠᠷᠤᠢ ᠵᠢᠵᠢᠭ ᠣᠩᠭᠤᠴᠠ ᠶᠢ ᠴᠡᠪᠡᠷᠯᠡᠵᠦ᠂ ᠲᠤᠬᠠᠢ ᠶᠢᠨ ᠦᠶ᠎ᠡ ᠶᠢᠨ ᠪᠦᠬᠦ ᠤᠯᠤᠰ ᠤᠨ ᠬᠠᠮᠤᠭ ᠲᠤᠮᠤ ᠭᠠᠳᠠᠭᠠᠳᠤ ᠠᠴᠠ ᠣᠷᠣᠭᠤᠯᠤᠭᠰᠠᠨ ᠬᠦᠬᠦᠷ ᠢ ᠲᠥᠪᠯᠡᠷᠡᠭᠦᠯᠵᠦ ᠲᠠᠷᠬᠠᠭᠠᠬᠤ ᠰᠠᠭᠤᠷᠢᠨ ᠢ ᠬᠠᠭᠠᠵᠤ᠂ ᠡᠷᠭᠢ ᠶᠢᠨ ᠱᠤᠭᠤᠮ ᠢ ᠰᠡᠯᠪᠢᠨ ᠵᠠᠰᠠᠭᠰᠠᠨ ᠪᠠ ᠰᠤᠯᠠᠯᠠᠵᠤ᠂ ᠤᠢ ᠰᠢᠭᠤᠢ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠵᠦ᠂ ᠬᠥᠬᠡᠮᠥ᠋ᠷᠡᠨ ᠤ ᠬᠥᠪᠡᠭᠡ ᠳᠠᠭᠠᠤ ᠠᠯᠬᠤᠮ ᠠᠯᠬᠤᠮ ᠢᠶᠠᠷ ᠨᠣᠭᠤᠭᠠᠨ ᠬᠤᠨᠭ᠍ᠬᠢᠯ ᠢ ᠪᠠᠶᠢᠭᠤᠯᠵᠠᠢ᠃     ︽ᠪᠢᠳᠡ ᠣᠳᠣ ᠣᠷᠣᠶ ᠳᠤ ᠪᠠᠨ ᠦᠷᠭᠦᠯᠵᠢ ᠮᠥᠷᠡᠨ ᠤ ᠬᠥᠪᠡᠭᠡᠨ ᠳᠠᠬᠢ ᠴᠡᠴᠡᠷᠯᠢᠭ ᠢᠶᠠᠷ ᠰᠡᠯᠡᠭᠦᠴᠡᠨ ᠠᠯᠬᠤᠳᠠᠭ᠂ ᠮᠠᠰᠢ ᠲᠠᠭᠠᠯᠠᠮᠵᠢᠲᠠᠶ ᠪᠠᠶᠢᠳᠠᠭ︾ ᠭᠡᠵᠦ ᠬᠤᠸᠠᠩ ᠵᠢᠶᠠ ᠶᠦᠩ ᠢᠨᠢᠶᠡᠮᠰᠦᠭᠯᠡᠨ ᠬᠡᠯᠡᠪᠡ᠃       2020 ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ᠂ ᠶᠡᠷᠦᠩᠬᠡᠢ ᠱᠦᠵᠢ ᠰᠢ ᠶᠢᠨ ᠫᠢᠩ ᠲᠠᠪᠤᠨ ᠠᠭᠤᠯᠠ ᠣᠷᠣᠨ ᠤ ᠮᠥᠷᠡᠨ ᠳᠠᠭᠠᠤ ᠣᠷᠣᠨ ᠢ ᠰᠢᠨᠵᠢᠯᠡᠨ ᠪᠠᠶᠢᠴᠠᠭᠠᠬᠤ ᠳᠤ ᠪᠠᠨ ︽ᠥᠩᠭᠡᠷᠡᠭᠰᠡᠨ ᠳᠤ ᠪᠤᠵᠠᠷ ᠰᠠᠮᠠᠭᠤᠨ ᠮᠠᠭᠤᠬᠠᠢ ᠪᠠᠶᠢᠭᠰᠠᠨ ᠭᠠᠵᠠᠷ ᠨᠢ ᠤᠳᠤ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠰᠡ ᠪᠣᠯᠤᠭᠰᠠᠨ ᠨᠢ ᠪᠢᠳᠡ ᠵᠣᠷᠢᠭ ᠰᠢᠭᠤᠳᠤᠨ ᠬᠢᠳᠡᠭ ᠯᠠ ᠶᠤᠮ ᠪᠣᠯ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠳᠤ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠶᠢ ᠦᠯᠦ ᠬᠢᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠴᠢᠳᠠᠨ᠎ᠠ ᠭᠡᠰᠡᠨ ᠢ ᠬᠠᠷᠠᠭᠤᠯᠵᠤ ᠪᠠᠶᠢᠨ᠎ᠠ︾ ᠭᠡᠵᠡᠢ᠃      ᠤᠰᠤᠨ ᠤ ᠴᠢᠨᠠᠷ ᠰᠠᠶᠢᠵᠢᠷᠠᠵᠤ᠂ ᠭᠠᠭ᠋ᠠᠶ ᠬᠠᠯᠢᠮᠤ ᠴᠢᠯᠦᠭᠡᠲᠡᠢ ᠤᠮᠪᠠᠵᠤ᠂ ᠬᠥᠬᠡᠮᠥ᠋ᠷᠡᠨ ᠡᠵᠢ ᠭᠤᠣᠯ ᠶᠠᠭ ᠰᠠᠶ᠋ᠢᠬᠠᠨ ᠠᠮᠢᠵᠢᠷᠠᠯ ᠤᠨ ᠬᠦᠴᠦᠨ ᠢᠶᠠᠨ ᠳᠠᠬᠢᠨ ᠪᠠᠳᠠᠷᠠᠭᠤᠯᠵᠤ ᠪᠠᠶᠢᠨ᠎ᠠ᠃
6375876477835640675972267.jpg
      ᠡᠨᠡ ᠪᠣᠯ ᠨᠢᠭᠡᠨ ᠨᠡᠶᠢᠯᠡᠭᠦᠯᠦᠭᠰᠡᠨ ᠰᠡᠭᠦᠳᠡᠷ ᠪᠣᠯᠤᠨ᠎ᠠ᠄ ᠵᠡᠭᠦᠨ ᠳᠡᠭᠡᠷᠡᠬᠢ ᠵᠢᠷᠤᠭ ᠪᠣᠯ ᠬᠤᠪᠸᠢ ᠮᠤᠵᠢ ᠶᠢᠨ ᠢᠴᠠᠩ ᠬᠤᠲᠠ ᠶᠢᠨ ᠮᠥᠷᠡᠨ ᠤ ᠬᠥᠪᠡᠭᠡᠨ ᠳᠤ ᠬᠥᠬᠡᠮᠥ᠋ᠷᠡᠨ ᠤ ᠭᠠᠭ᠋ᠠᠶ ᠬᠠᠯᠢᠮᠤ ᠤᠰᠤᠨ ᠳᠤ ᠴᠢᠯᠦᠭᠡᠲᠡᠢ ᠨᠠᠭᠠᠳᠴᠤ ᠪᠠᠶᠢᠭ᠎ᠠ ᠵᠢᠷᠤᠭ ᠪᠣᠯᠤᠨ᠎ᠠ ︵ᠵᠢᠯᠣᠭᠤᠴᠢ ᠦᠭᠡᠶ ᠨᠢᠰᠬᠡᠯ ᠤᠨ ᠰᠡᠭᠦᠳᠡᠷ᠂ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠤᠤ ᠢ ᠵᠢᠦ 5 ᠳ᠋ᠤᠭᠠᠷ ᠰᠠᠷ᠎ᠠ ᠶᠢᠨ 11 ᠤ ᠡᠳᠦᠷ ᠰᠡᠭᠦᠳᠡᠷᠯᠡᠪᠡ︶ ᠪᠠᠷᠠᠭᠤᠨ ᠳᠡᠭᠡᠷᠡᠬᠢ ᠵᠢᠷᠤᠭ ᠪᠣᠯ ᠱᠠᠨᠰᠢ ᠮᠤᠵᠢ ᠶᠢᠨ ᠬᠠᠨᠵᠦ᠋ᠩ ᠬᠤᠲᠠ ᠶᠢᠨ ᠶᠠᠩ ᠰᠢᠶᠠᠨ ᠤ ᠤᠯᠠᠭᠠᠨ ᠥᠷᠪᠢᠯᠳᠡᠶ ᠠᠮᠢ ᠠᠬᠤᠶ ᠶᠢᠨ ᠬᠦᠷᠢᠶᠡᠯᠡᠩ ᠤᠨ ᠤᠯᠠᠭᠠᠨ ᠥᠷᠪᠢᠯᠳᠡᠶ ᠪᠣᠯᠤᠨ᠎ᠠ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠰᠢᠶᠤᠤ 5 ᠳ᠋ᠤᠭᠠᠷ ᠰᠠᠷ᠎ᠠ ᠶᠢᠨ 13 ᠤ ᠡᠳᠦᠷ ᠰᠡᠭᠦᠳᠡᠷᠯᠡᠪᠡ︶ ᠳᠣᠣᠷᠠᠬᠢ ᠵᠢᠷᠤᠭ ᠪᠣᠯ ᠲᠥᠪᠡᠳ ᠪᠥᠬᠦᠩ ᠭᠤᠷᠪᠠᠨ ᠮᠥᠷᠡᠨ ᠤ ᠡᠬᠢ ᠶᠢᠨ ᠬᠥᠬᠡᠰᠢᠯᠢ ᠣᠷᠣᠨ ᠳᠤ ᠪᠠᠶᠢᠭ᠎ᠠ ᠨᠢ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠡᠦ ᠭᠠᠩ 4 ᠳ᠋ᠦ᠋ᠭᠡᠷ ᠰᠠᠷ᠎ᠠ ᠶᠢᠨ 20 ᠤ ᠡᠳᠦᠷ ᠰᠡᠭᠦᠳᠡᠷᠯᠡᠪᠡ︶᠃ ᠰᠢᠨᠬᠤᠸᠠ ᠬᠤᠷᠢᠶ᠎ᠠ ᠲᠠᠷᠬᠠᠭᠠᠪᠠ      ᠠᠮᠢ ᠠᠬᠤᠢ ᠬᠥᠭᠵᠢᠪᠡᠯ ᠪᠣᠯᠪᠠᠰᠤᠨ ᠮᠠᠨᠳᠤᠵᠤ᠂ ᠠᠮᠢ ᠠᠬᠤᠢ ᠮᠠᠭᠤᠳᠠᠪᠠᠯ ᠪᠣᠯᠪᠠᠰᠤᠨ ᠪᠠᠭᠤᠷᠠᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠭᠰᠠᠨ ᠦᠨᠳᠦᠰᠦᠨ ᠶᠡᠭᠡ ᠪᠤᠳᠤᠯᠭ᠎ᠠ ᠮᠥᠨ᠃ᠡᠶᠢᠮᠦᠷᠬᠦᠦ ᠦᠨᠳᠦᠷᠴᠡ ᠳᠤ ᠵᠣᠭᠰᠣᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠵᠠᠮ ᠢ ᠰᠦᠪᠡᠭᠴᠢᠯᠡᠵᠦ᠂ ᠠᠮᠢ ᠠᠬᠤᠢ ᠶᠢᠨ ᠪᠣᠯᠪᠠᠰᠤᠨ ᠤ ᠵᠠᠮ ᠢ ᠲᠣᠳᠣᠷᠬᠠᠢ ᠵᠢᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠠᠤᠭ᠎ᠠ ᠵᠢᠷᠤᠭ ᠲᠥᠯᠥᠪᠯᠡᠭᠡ ᠶᠢ ᠵᠢᠷᠤᠭᠯᠠᠭᠰᠠᠨ ᠪᠠᠶᠢᠨ᠎ᠠ᠃      ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠳᠤ ᠲᠠᠪᠤᠨ ᠶᠡᠭᠡ ᠬᠥᠭᠵᠢᠯᠲᠡ ᠶᠢᠨ ᠤᠢᠢᠯᠠᠭᠠᠭᠳᠠᠬᠤᠨ ᠢ ᠳᠤᠷᠠᠳᠴᠤ᠂ ᠪᠣᠬᠢᠷᠲᠤᠯ ᠦᠭᠡᠢ ᠬᠥᠭᠵᠢᠯᠲᠡ ᠨᠢ ᠴᠢᠨᠠᠷᠯᠢᠭ ᠬᠥᠭᠵᠢᠯᠲᠡ ᠶᠢ ᠠᠬᠢᠭᠤᠯᠬᠤ ᠰᠡᠳᠦᠪ ᠤᠨ ᠳᠣᠲᠣᠷᠠᠬᠢ ᠭᠤᠣᠯ ᠰᠠᠨᠠᠭ᠎ᠠ ᠪᠣᠯᠪᠠ︔ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠤᠶ᠎ᠠ ᠭᠡᠵᠦ ᠲᠣᠳᠣᠷᠬᠠᠢ ᠳᠤᠷᠠᠳᠪᠠ︔ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠳᠤ ︽ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠶᠢ ᠠᠬᠢᠭᠤᠯᠤᠶ᠎ᠠ︾ ᠭᠡᠵᠦ ᠳᠠᠬᠢᠨᠲᠠ ᠴᠢᠬᠤᠯᠠᠴᠢᠯᠠᠪᠠ ᠁ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠲᠤ ᠴᠢᠩᠭ᠎ᠠ ᠵᠣᠷᠢᠭ ᠢ ᠲᠤᠩᠬᠠᠭᠯᠠᠵᠠᠢ᠃
6375876480402833323296260.jpg
      ᠡᠨᠡ ᠪᠣᠯ 2018 ᠣᠨ ᠤ 10 ᠳ᠋ᠤᠭᠠᠷ ᠰᠠᠷ᠎ᠠ ᠶᠢᠨ 18 ᠤ ᠡᠳᠦᠷ ᠰᠡᠭᠦᠳᠡᠷᠯᠡᠭᠰᠡᠨ ᠭᠤᠸᠠᠩᠰᠢ ᠶᠢᠨ ᠭᠦᠢᠯᠢᠨ ᠤ ᠶᠠᠩ ᠱᠦᠸᠧ ᠰᠢᠶᠠᠨ ᠤ ᠰᠢᠩ ᠫᠢᠩ ᠪᠠᠯᠭᠠᠰᠤᠨ ᠤ ᠯᠢᠵᠢᠶᠠᠩ ᠮᠥᠷᠡᠨ ᠤ ᠥᠩᠭᠡ ᠦᠵᠡᠮᠵᠢ ︵ᠵᠢᠯᠣᠭᠤᠴᠢ ᠥᠬᠡᠶ ᠨᠢᠰᠬᠡᠯ ᠢᠶᠠᠷ ᠰᠡᠭᠦᠳᠡᠷᠯᠡᠭᠰᠡᠨ ᠵᠠᠯᠭᠠᠮᠠᠯ ᠰᠡᠭᠦᠳᠡᠷ︶ ᠪᠣᠯᠤᠨ᠎ᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠨ ᠰᠡᠭᠦᠳᠡᠷᠯᠡᠪᠡ      ᠭᠤᠸᠠᠩᠰᠢ ᠶᠢᠨ ᠭᠦᠢᠯᠢᠨ ᠳᠤ ᠯᠢᠵᠢᠶᠠᠩ ᠮᠥᠷᠡᠨ ᠤ ᠶᠠᠩ ᠱᠦᠸᠧ ᠶᠢᠨ ᠬᠡᠰᠡᠭ ᠢ ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ᠠᠭᠤᠯᠠ ᠤᠰᠤᠨ ᠤ ᠠᠮᠢ ᠠᠬᠤᠢ ᠶᠢᠨ ᠤᠭ ᠴᠢᠨᠠᠷ ᠪᠣᠯᠤᠨ ᠪᠦᠷᠢᠨ ᠪᠦᠲᠦᠨ ᠴᠢᠨᠠᠷ ᠢ ᠪᠠᠲᠤᠯᠠᠬᠤ ᠪᠠᠷ ᠴᠢᠬᠤᠯᠠ ᠠᠵᠢᠯ ᠪᠣᠯᠭᠠᠵᠤ᠂ ᠠᠮᠢ ᠠᠬᠤᠢ ᠶᠢᠨ ᠰᠡᠷᠭᠦᠭᠡᠯᠲᠡ ᠪᠠ ᠣᠷᠴᠢᠨ ᠲᠣᠭᠤᠷᠢᠨ ᠤ ᠪᠣᠬᠢᠷᠲᠤᠯ ᠤᠨ ᠵᠠᠰᠠᠯᠲᠠ ᠶᠢ ᠭᠦᠨᠵᠡᠭᠡᠢ ᠠᠬᠢᠭᠤᠯᠵᠤ᠂ ᠳᠤᠷ᠎ᠠ ᠪᠠᠷ ᠢᠶᠠᠨ ᠮᠠᠯᠲᠠᠬᠤ ᠶᠢ ᠬᠤᠷᠢᠭᠯᠠᠵᠤ᠂ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ᠂ ᠠᠮᠢ ᠠᠬᠤᠢ ᠶᠢᠨ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠬᠦ ᠪᠠ ᠪᠦᠬᠦᠯᠢ ᠴᠣᠭᠴᠠ ᠶᠢᠨ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃
6375876482943458209934051.jpg
      ᠣᠭᠲᠠᠷᠭᠤᠶ ᠠᠴᠠ ᠵᠧᠵᠢᠶᠠᠩ ᠮᠤᠵᠢ ᠶᠢᠨ ᠠᠨ ᠵᠢᠶ ᠰᠢᠶᠠᠨ ᠤ ᠲᠢᠶᠠᠨ ᠬᠤᠸᠠᠩ ᠫᠢᠩ ᠪᠠᠯᠭᠠᠰᠤᠨ ᠤ ᠢᠦᠶ ᠼᠦᠨ ᠲᠣᠰᠬᠤᠨ ᠢ ᠥᠩᠭᠡᠶᠢᠨ ᠬᠠᠷᠠᠬᠤᠶ᠎ᠠ  ︵2020 ᠣᠨ ᠤ 3 ᠳ᠋ᠤᠭᠠᠷ ᠰᠠᠷ᠎ᠠ ᠶᠢᠨ 31 ᠤ ᠡᠳᠦᠷ ᠰᠡᠭᠦᠳᠡᠷᠯᠡᠪᠡ᠂ ᠵᠢᠯᠣᠭᠤᠴᠢ ᠥᠬᠡᠶ ᠨᠢᠰᠬᠡᠯ ᠤᠨ ᠰᠡᠭᠦᠳᠡᠷ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠤᠢ ᠢᠦᠢ ᠰᠡᠭᠦᠳᠡᠷᠯᠡᠪᠡ      ᠵᠧᠵᠢᠶᠠᠩ ᠮᠤᠵᠢ ᠶᠢᠨ ᠬᠤᠵᠸᠦ ᠬᠤᠳᠠ ᠶᠢᠨ ᠠᠨ ᠵᠢᠢ ᠰᠢᠶᠠᠨ ᠤ ᠲᠢᠶᠠᠨ ᠬᠤᠸᠠᠩ ᠫᠢᠩ ᠪᠠᠯᠭᠠᠰᠤᠨ ᠤ ᠢᠦᠢ ᠼᠦᠨ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠳᠤ᠂ ᠶᠡᠷᠦᠩᠬᠡᠢ ᠱᠦᠵᠢ ᠰᠢ ᠶᠢᠨ ᠫᠢᠩ ᠲᠡᠳᠡᠨ ᠤ ᠪᠣᠬᠢᠷᠲᠤᠯ ᠦᠭᠡᠢ ᠠᠵᠤ ᠠᠬᠤᠢ ᠶᠢ ᠬᠥᠭᠵᠢᠭᠦᠯᠵᠦ᠂ ᠲᠣᠰᠬᠤᠨ ᠤ ᠠᠷᠠᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠭᠰᠠᠨ ᠠᠷᠭ᠎ᠠ ᠬᠢᠳᠡᠯ ᠢ ᠨᠤᠲᠠᠯᠠᠬᠤ ᠳᠤ ᠪᠠᠨ ︽ᠠᠵᠤ ᠠᠬᠤᠶ ᠶᠢᠨ ᠬᠥᠭᠵᠢᠯᠲᠡ ᠨᠢ ᠠᠮᠢ ᠠᠬᠤᠶ ᠶᠢ ᠡᠪᠳᠡᠬᠦ ᠪᠠᠷ ᠲᠥᠯᠥᠪᠦᠷᠢ ᠪᠣᠯᠭᠠᠵᠤ ᠪᠣᠯᠬᠤ ᠦᠭᠡᠶ᠂ ᠠᠮᠢ ᠠᠬᠤᠶ ᠶᠢᠨ ᠲᠤᠰ ᠪᠡᠶ᠎ᠡ ᠨᠢ ᠳᠠᠷᠤᠶ ᠠᠵᠤ ᠠᠬᠤᠶ ᠮᠥᠨ᠂ ᠠᠮᠢ ᠠᠬᠤᠶ ᠶᠢ ᠬᠠᠮᠠᠭᠠᠯᠠᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠭ᠎ᠠ ᠶᠠᠪᠤᠳᠠᠯ ᠮᠥᠨ ᠭᠡᠳᠡᠭ ᠢ ᠦᠢᠯᠡᠳᠦᠯᠭᠡ ᠭᠡᠷᠡᠴᠢᠯᠡᠵᠡᠶ︾ ᠭᠡᠰᠡᠨ ᠪᠠᠶᠢᠨ᠎ᠠ᠃
6375876485402833185687645.jpg
      2021 ᠣᠨ ᠤ 2 ᠳ᠋ᠤᠭᠠᠷ ᠰᠠᠷ᠎ᠠ ᠶᠢᠨ 24 ᠤ ᠡᠳᠦᠷ᠂ ᠵᠧᠵᠢᠶᠠᠩ ᠮᠤᠵᠢ ᠶᠢᠨ ᠬᠤᠵᠸᠦ ᠶᠢᠨ ᠦ᠋ ᠰᠢᠩ ᠲᠣᠭᠤᠷᠢᠭ ᠤᠨ ᠪᠠ ᠯᠢ ᠳ᠋ᠢᠶᠠᠨ ᠪᠠᠯᠭᠠᠰᠤᠨ ᠤ ᠢ ᠶᠠᠨ ᠱᠠᠨ ᠲᠣᠰᠬᠤᠨ ᠤ ᠭᠤᠣᠯ ᠤᠨ ᠳᠠᠷᠤᠭ᠎ᠠ ᠠᠵᠢᠯ ᠤᠨ ᠳᠤᠭᠤᠶᠢᠯᠠᠩ ᠳᠠᠭᠠᠭᠤᠯᠤᠨ ᠢ ᠶᠠᠨ ᠱᠠᠨ ᠲᠣᠰᠬᠤᠨ ᠳᠤ ᠭᠤᠣᠯ ᠢ ᠴᠠᠭᠳᠠᠬᠤ᠂ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠥᠷᠨᠢᠭᠦᠯᠵᠡᠢ ︵ᠵᠢᠯᠣᠭᠤᠴᠢ ᠦᠭᠡᠢ ᠨᠢᠰᠬᠡᠯ ᠤᠨ ᠰᠡᠭᠦᠳᠡᠷ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠧᠩ ᠰᠢᠨ ᠶᠠᠩ ᠰᠡᠭᠦᠳᠡᠷᠯᠡᠪᠡ      ᠶᠦᠨᠨᠠᠨ ᠤ ᠳ᠋ᠢᠶᠠᠨ ‍ᠤᠤᠢ ᠨᠠᠭᠤᠷ ᠤᠨ ᠬᠥᠪᠡᠭᠡᠨ ᠳᠤ᠂ ᠶᠡᠷᠦᠩᠬᠡᠢ ᠱᠦᠵᠢ ᠰᠢ ᠶᠢᠨ ᠫᠢᠩ ᠳ᠋ᠢᠶᠠᠨ ‍ᠤᠤᠢ ᠨᠠᠭᠤᠷ ᠢ ᠬᠠᠮᠠᠭᠠᠯᠠᠨ ᠵᠠᠰᠠᠭᠰᠠᠨ ᠪᠠ ᠤᠰᠤᠨ ᠤ ᠴᠢᠨᠠᠷ ᠢ ᠰᠠᠶᠢᠵᠢᠷᠠᠭᠤᠯᠵᠤ ᠪᠠᠶᠢᠭ᠎ᠠ ᠪᠠᠶᠢᠳᠠᠯ ᠢ ᠯᠠᠪᠯᠠᠨ ᠠᠰᠠᠭᠤᠪᠠ᠃ ᠲᠡᠷᠡ ᠴᠢᠬᠤᠯᠠᠴᠢᠯᠠᠬᠤ ᠳᠤ ᠪᠠᠨ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ᠂ ᠤᠷᠢᠳ ᠢᠶᠠᠷ ᠪᠣᠬᠢᠷᠲᠤᠭᠤᠯᠵᠤ ᠳᠠᠷᠠᠭ᠎ᠠ ᠨᠢ ᠵᠠᠰᠠᠬᠤ ᠬᠠᠭᠤᠴᠢᠨ ᠵᠠᠮ ᠢᠶᠠᠷ ᠶᠠᠭᠠᠬᠢᠭᠰᠠᠨ ᠴᠤ ᠶᠠᠪᠤᠵᠤ ᠪᠣᠯᠬᠤ ᠦᠭᠡᠢ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠥᠨᠢ ᠤᠳᠠᠭᠠᠨ ᠴᠤᠴᠠᠯᠲᠠ ᠦᠭᠡᠢ ᠴᠢᠷᠮᠠᠶᠢᠪᠠᠯ ᠯᠠᠪᠳᠠᠶ᠎ᠠ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠᠨ ᠮᠥᠩᠭᠦᠨ ᠠᠭᠤᠯᠠ ᠪᠣᠯᠭᠠᠨ ᠬᠤᠪᠢᠷᠠᠭᠤᠯᠵᠤ ᠴᠢᠳᠠᠨ᠎ᠠ ᠁ ᠭᠡᠪᠡ᠃
6375876487685645045013296.jpg
      2021 ᠣᠨ ᠤ 3 ᠳ᠋ᠤᠭᠠᠷ ᠰᠠᠷ᠎ᠠ ᠶᠢᠨ 26 ᠤ ᠡᠳᠦᠷ᠂ ᠬᠥᠬᠡᠨᠠᠭᠤᠷ ᠤᠨ ᠮᠠᠳᠣᠢ ᠰᠢᠶᠠᠨ ᠤ ᠦᠨᠳᠦᠰᠦᠲᠡᠨ ᠤ ᠪᠠᠶᠢᠷᠢᠯᠠᠬᠤ ᠳᠦᠷᠢᠮᠲᠦ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠰᠤᠷᠤᠭᠴᠢᠳ ᠬᠢᠴᠢᠶᠡᠯ ᠤᠨ ᠵᠠᠪᠰᠠᠷᠯᠠᠭ᠎ᠠ ᠳᠤ ᠨᠠᠭᠠᠳᠴᠤ ᠪᠠᠶᠢᠭ᠎ᠠ ᠨᠢ᠃ ᠲᠣᠰ ᠰᠤᠷᠭᠠᠭᠤᠯᠢ ᠣᠳᠣᠬᠠᠨ ᠳᠤ ᠠᠷᠢᠭᠤᠨ ᠴᠡᠪᠡᠷ ᠳᠤᠯᠠᠭᠠᠯᠭ᠎ᠠ ᠬᠢᠬᠦ ᠠᠷᠭ᠎ᠠ ᠶᠢ ᠬᠡᠷᠡᠭᠯᠡᠵᠦ᠂ ᠰᠤᠷᠤᠭᠴᠢᠳ ᠤᠨ ᠰᠤᠷᠤᠯᠭ᠎ᠠ ᠪᠠ ᠠᠮᠢᠳᠤᠷᠠᠯ ᠤᠨ ᠣᠷᠴᠢᠨ ᠲᠣᠭᠤᠷᠢᠨ ᠶᠡᠭᠡ ᠪᠠᠷ ᠰᠠᠶᠢᠵᠢᠷᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠠᠩ ᠬᠤᠩ ᠰᠢᠶᠠᠩ ᠰᠡᠭᠦᠳᠡᠷᠯᠡᠪᠡ      ᠡᠲᠡᠭᠡᠷ ᠵᠢᠯ ᠤᠳ ᠲᠤ᠂ ᠶᠡᠷᠦᠩᠬᠡᠶ ᠱᠦᠵᠢ ᠰᠢ ᠶᠢᠨ ᠫᠢᠩ ᠣᠷᠣᠨ ᠨᠤᠲᠤᠭ ᠲᠤ ᠬᠦᠷᠴᠦ ᠠᠵᠢᠯ ᠪᠠᠶᠢᠴᠠᠭᠠᠬᠤ ᠳᠤ ᠪᠠᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠨᠢᠭᠡ ᠵᠦᠢᠯ ᠤᠨ ᠴᠢᠬᠤᠯᠠ ᠲᠣᠬᠢᠷᠠᠭᠤᠯᠤᠯᠲᠠ ᠮᠥᠨ᠃ ᠡᠬᠡ ᠤᠯᠤᠰ ᠤᠨ ᠠᠭᠤᠯᠠ ᠤᠰᠤ ᠨᠢ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠲᠠᠢ ᠰᠡᠳᠬᠢᠯ ᠵᠢᠷᠦᠬᠡ ᠪᠠᠨ ᠬᠤᠯᠪᠣᠭᠰᠠᠨ ᠰᠡᠳᠬᠢᠯᠭᠡ ᠶᠢ ᠭᠡᠷᠡᠴᠢᠯᠡᠵᠦ ᠪᠠᠶᠢᠨ᠎ᠠ᠃       ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠮᠥᠩᠭᠦᠨ ᠠᠭᠤᠯᠠ ᠮᠥᠨ︾︔      ︽ᠠᠮᠢ ᠠᠬᠤᠢ ᠶᠢᠨ ᠣᠷᠴᠢᠨ ᠲᠣᠭᠤᠷᠢᠨ ᠢ ᠨᠢᠳᠦ ᠪᠠᠨ ᠰᠢᠭ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠳᠤ ᠠᠮᠢ ᠨᠠᠰᠤ ᠲᠠᠢ ᠪᠠᠨ ᠠᠳᠠᠯᠢ ᠬᠠᠨᠳᠤᠭᠠᠷᠠᠢ︾︔      ︽ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠣᠯ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠭ᠎ᠠ ᠶᠠᠪᠤᠳᠠᠯ ᠮᠥᠨ︾︔      ︽ᠬᠥᠮᠦᠨ ᠬᠥᠬᠡᠮᠳᠦᠭ ᠠᠭᠤᠯᠠ ᠶᠢ ᠬᠥᠰᠡᠷᠳᠡᠭᠦᠯᠬᠦ ᠦᠭᠡᠢ ᠪᠣᠯ ᠬᠥᠬᠡᠮᠳᠦᠭ ᠠᠭᠤᠯᠠ ᠯᠠᠪᠲᠠᠢ ᠬᠥᠮᠦᠨ ᠢ ᠬᠥᠰᠡᠷᠳᠡᠭᠦᠯᠬᠦ ᠦᠭᠡᠢ ᠶᠤᠮ︾︔      ︽ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠪᠡᠯᠴᠢᠭᠡᠷ ᠡᠯᠡᠰᠦ ᠱᠠᠩᠳᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠨ᠎ᠡ︾︔      ᠢᠳᠡ ᠬᠦᠴᠦᠲᠡᠢ ᠦᠭᠡ ᠶᠠᠷᠢᠶ᠎ᠠ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠭᠡᠷᠡᠯ ᠭᠢᠯᠪᠠᠭ᠎ᠠ ᠶᠢ ᠰᠠᠴᠤᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠠᠬᠢᠭᠤᠯᠬᠤ ᠶᠢ ᠵᠢᠯᠣᠭᠤᠳᠴᠤ ᠪᠠᠶᠢᠨ᠎ᠠ  
6375876490201269656194130.jpg
      ᠶᠣᠣ ᠽᠦ ᠶᠤᠸᠠᠨ ︵ᠪᠠᠷᠠᠭᠤᠨ ᠠᠴᠠ ᠨᠢᠭᠡᠳᠦᠭᠡᠷ︶ ᠬᠡᠷ ᠤᠨ ᠬᠥᠮᠦᠰ ᠲᠠᠢ ᠪᠠᠨ ᠬᠠᠮᠲᠤ ᠮᠣᠳᠣ ᠲᠠᠷᠢᠵᠤ ᠪᠠᠶᠢᠨ᠎ᠠ ︵2019 ᠣᠨ ᠤ 7 ᠳ᠋ᠤᠭᠠᠷ ᠰᠠᠷ᠎ᠠ ᠶᠢᠨ 13 ᠤ ᠡᠳᠦᠷ ᠰᠡᠭᠦᠳᠡᠷᠯᠡᠪᠡ︶᠃ ᠴᠢᠨᠯᠢᠩ ᠳᠠᠪᠠᠭ᠎ᠠ ᠶᠢᠨ ᠭᠦᠨ ᠳᠤ ᠪᠠᠶᠢᠭ᠎ᠠ ᠱᠠᠨᠰᠢ ᠮᠤᠵᠢ ᠶᠢᠨ ᠬᠠᠨᠵᠦ᠋ᠩ ᠬᠤᠳᠠ ᠶᠢᠨ ᠯᠢᠦ ᠪᠠ ᠰᠢᠶᠠᠨ ᠤ ᠾᠦᠸᠧ ᠱᠤᠤ ᠳ᠋ᠢᠶᠠᠨ ᠪᠠᠯᠭᠠᠰᠤᠨ ᠳᠤ᠂ ᠶᠣᠣ ᠣᠪᠣᠭᠲᠤ ᠶᠢᠨ ᠲᠠᠪᠤᠨ ᠦᠶ᠎ᠡ ᠶᠢᠨ ᠬᠥᠮᠦᠰ ᠤᠨ 70 ᠵᠢᠯ ᠤᠨ ᠲᠤᠷᠰᠢᠬᠢ ᠴᠢᠨᠯᠢᠩ ᠳᠠᠪᠠᠭ᠎ᠠ ᠶᠢ ᠭᠦᠨ ᠬᠠᠭᠠᠯᠪᠤᠷᠢᠯᠠᠨ ᠮᠣᠳᠣ ᠲᠠᠷᠢᠭᠰᠠᠨ ᠦᠯᠢᠭᠡᠷ ᠢ ᠲᠤᠬᠠᠢ ᠶᠢᠨ ᠭᠠᠵᠠᠷ ᠤᠨ ᠬᠢᠨ ᠳᠠᠶᠠᠭᠠᠷ ᠢᠶᠠᠨ ᠮᠡᠳᠡᠳᠡᠭ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠲᠤᠤ ᠮᠢᠩ ᠰᠡᠭᠦᠳᠡᠷᠯᠡᠪᠡ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠱᠠᠩᠳᠠ ᠶᠢ ᠨᠢᠭᠡ ᠴᠤᠭᠴᠠᠵᠢᠭᠤᠯᠤᠨ ᠵᠠᠰᠠᠵᠤ᠂ ᠠᠯᠢ ᠤᠯᠠᠨ ᠦᠨᠳᠦᠰᠦᠨ ᠴᠢᠨᠠᠷᠲᠠᠢ᠂ ᠡᠭᠦᠳᠦᠯᠲᠡ ᠶᠢᠨ ᠴᠢᠨᠠᠷᠲᠠᠢ᠂ ᠠᠯᠤᠰ ᠬᠡᠳᠤ ᠶᠢᠨ ᠴᠢᠨᠠᠷᠲᠠᠢ ᠠᠵᠢᠯ ᠢ ᠥᠷᠨᠢᠭᠦᠯᠵᠦ᠂ ᠵᠣᠷᠢᠭ ᠨᠢ ᠶᠡᠭᠡ᠂ ᠡᠷᠴᠢᠮ ᠨᠢ ᠶᠡᠭᠡ᠂ ᠦᠷ᠎ᠡ ᠪᠦᠲᠦᠮᠵᠢ ᠨᠢ ᠶᠡᠭᠡ ᠪᠠᠶᠢᠭ᠎ᠠ ᠪᠠᠷ ᠢᠶᠠᠨ ᠤᠷᠢᠳ ᠡᠮᠦᠨ᠎ᠡ ᠭᠠᠷᠤᠭ᠎ᠠ ᠦᠭᠡᠢ ᠪᠠᠶᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠲᠠᠨᠢᠯᠲᠠ ᠠᠴᠠ ᠦᠢᠯᠡᠳᠦᠯᠭᠡ ᠳᠤ ᠬᠦᠷᠲᠡᠯ᠎ᠡ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠤᠭᠰᠠᠨ ᠪᠠᠶᠢᠨ᠎ᠠ᠃      ᠡᠨᠡ ᠵᠢᠯ ᠤᠨ 5 ᠳ᠋ᠤᠭᠠᠷ ᠰᠠᠷ᠎ᠠ ᠶᠢᠨ 26 ᠤ ᠡᠳᠦᠷ᠂ ᠠᠮᠢ ᠠᠬᠤᠶ ᠣᠷᠴᠢᠨ ᠲᠣᠭᠤᠷᠢᠨ ᠤ ᠶᠠᠮᠤᠨ ︽2020 ᠣᠨ ᠤ ᠳᠤᠮᠳᠠᠳᠤ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠤᠨ ᠠᠯᠪᠠᠨ ᠮᠡᠳᠡᠭᠡ︾ ᠶᠢ ᠵᠢᠩᠬᠢᠨᠢ ᠪᠠᠷ ᠨᠡᠶᠢᠲᠡᠯᠡᠪᠡ᠃ ᠡᠨᠡ ᠪᠣᠯ ᠨᠣᠭᠤᠭᠠᠨ ᠦᠩᠭᠡ ᠪᠠᠷ ᠪᠢᠯᠬᠠᠭᠰᠠᠨ ᠮᠡᠳᠡᠭᠦᠯᠦᠯᠲᠡ ᠪᠣᠯᠤᠨ᠎ᠠ᠂ 2020 ᠣᠨ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠰᠠᠶᠢᠵᠢᠷᠠᠪᠠ᠃ 
6375876492938769739730913.jpg
      ᠣᠩᠭᠤᠴᠠ ᠰᠠᠯ ᠬᠤᠪᠸᠢ ᠮᠤᠵᠢ ᠶᠢᠨ ᠦᠬᠠᠨ ᠬᠤᠳᠠ ᠶᠢᠨ ᠶᠠᠩ ᠯᠦᠸᠧ ᠭᠠᠷᠠᠮ ᠲᠣᠭᠤᠷᠢᠭ ᠤᠨ ᠤᠰᠤᠨ ᠣᠷᠣᠨ ᠢᠶᠠᠷ ᠠᠶᠠᠯᠠᠵᠤ ᠪᠠᠶᠢᠭ᠎ᠠ ᠨᠢ ︵2018 ᠣᠨ ᠤ 8 ᠳ᠋ᠤᠭᠠᠷ ᠰᠠᠷ᠎ᠠ ᠶᠢᠨ 13 ᠤ ᠡᠳᠦᠷ ᠰᠡᠭᠦᠳᠡᠷᠯᠡᠪᠡ᠂ ᠵᠢᠯᠣᠭᠤᠴᠢ ᠦᠭᠡᠢ ᠨᠢᠰᠬᠡᠯ ᠤᠨ ᠰᠡᠭᠦᠳᠡᠷ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠤᠤ ᠢ ᠵᠢᠦ ᠰᠡᠭᠦᠳᠡᠷᠯᠡᠪᠡ      ᠠᠭᠠᠷ ᠲᠩᠷᠢ ᠨᠠᠩ ᠬᠥᠬᠡᠷᠡᠵᠦ᠂ ᠪᠥᠬᠦ ᠤᠯᠤᠰ ᠤᠨ ᠲᠤᠰᠬᠠᠶ ᠣᠷᠣᠨ ᠤ ᠲᠠᠰ ᠵᠢᠴᠢ ᠳᠡᠭᠡᠭᠰᠢᠬᠢ ᠬᠤᠲᠠ ᠶᠢᠨ ᠰᠢᠯᠢᠳᠡᠭ ᠰᠠᠶᠢᠨ ᠡᠳᠦᠷ ᠤᠨ ᠬᠠᠷᠢᠴᠠᠯ ᠨᠢ 87% ᠪᠣᠯᠲᠠᠯ᠎ᠠ ᠳᠡᠭᠡᠭᠰᠢᠯᠡᠪᠡ︔ ᠭᠤᠣᠯ ᠮᠥᠷᠡᠨ ᠨᠡᠩ ᠲᠤᠩᠭᠠᠯᠠᠭᠰᠢᠵᠤ᠂ ᠭᠠᠵᠠᠷ ᠤᠨ ᠭᠠᠳᠠᠷᠭᠤ ᠶᠢᠨ ᠤᠰᠤᠨ ᠤ ᠰᠢᠯᠢᠳᠡᠭ ᠰᠠᠶᠢᠨ ᠣᠭᠲᠣᠯᠤᠭᠠᠰᠤ ᠶᠢᠨ ᠬᠠᠷᠢᠴᠠᠯ ᠨᠢ 83.4% ᠪᠣᠯᠲᠠᠯ᠎ᠠ ᠳᠡᠭᠡᠭᠰᠢᠯᠡᠪᠡ︔ ᠭᠡᠷ ᠣᠷᠣᠨ ᠨᠡᠩ ᠰᠠᠶᠢᠬᠠᠨ ᠪᠣᠯᠵᠤ᠂ ᠡᠯ᠎ᠡ ᠳᠡᠰ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠶᠡᠷᠦᠩᠬᠡᠢ ᠲᠤᠭ᠎ᠠ 1.18 ᠲᠦᠮᠡ ᠳᠤ ᠬᠦᠷᠴᠡᠢ ᠁      ᠪᠣᠬᠢᠷᠲᠤᠯ ᠦᠭᠡᠢ ᠬᠠᠷᠢᠭᠤᠯᠲᠠ ᠶᠢᠨ ᠬᠠᠭᠤᠳᠠᠰᠤ ᠶᠢᠨ ᠠᠷᠤ ᠳᠤ᠂ ᠳᠤᠮᠳᠠᠳᠤ ᠤᠯᠤᠰ ᠭᠡᠬᠦ ᠡᠨᠡ ᠬᠦ ᠬᠠᠮᠤᠭ ᠲᠤᠮᠤ ᠬᠥᠭᠵᠢᠵᠦ ᠪᠠᠶᠢᠭ᠎ᠠ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠡᠷᠡᠰ ᠪᠠᠲᠤ ᠠᠯᠬᠤᠭ᠎ᠠ ᠪᠠᠶᠢᠵᠤ᠂ 14 ᠳ᠋ᠦᠩᠰᠢᠭᠤᠷ ᠳᠤᠮᠳᠠᠳᠤᠴᠤᠳ ᠤᠨ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠯᠲᠠ ᠶᠢ ᠠᠬᠢᠭᠤᠯᠬᠤ ᠴᠥᠬᠦᠷᠡᠰᠢ ᠦᠭᠡᠢ ᠴᠢᠷᠮᠠᠶᠢᠯᠭ᠎ᠠ ᠪᠠᠶᠢᠳᠠᠭ᠃      ᠪᠣᠬᠢᠷ ᠮᠠᠨᠠᠨ ᠲᠠᠢ ᠲᠤᠯᠤᠯᠳᠤᠭᠰᠠᠨ ᠳᠠᠶᠢᠨ ᠤ ᠲᠠᠯᠠᠪᠤᠷ ᠲᠤ᠂ ᠮᠠᠨ ᠤ ᠤᠯᠤᠰ ᠤᠨ ᠤᠮᠠᠷᠠᠲᠤ ᠣᠷᠣᠨ ᠤ 2500 ᠭᠠᠷᠤᠢ ᠲᠦᠮᠡᠨ ᠡᠷᠦᠬᠡ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠬᠢᠵᠦ᠂ ᠪᠦᠬᠦ ᠤᠯᠤᠰ ᠲᠤ 2400 ᠭᠠᠷᠤᠢ ᠲᠦᠮᠡᠨ ᠰᠢᠷ᠎ᠠ ᠲᠡᠮᠳᠡᠭᠲᠦ ᠲᠡᠷᠭᠡ᠂ ᠬᠠᠭᠤᠴᠢᠷᠬᠠᠰᠠᠨ ᠲᠡᠷᠭᠡ ᠶᠢ ᠰᠢᠭᠰᠢᠭᠳᠡᠭᠦᠯᠵᠦ᠂ 229 ᠪᠤᠯᠤᠳ ᠲᠡᠮᠦᠷ ᠤᠨ ᠠᠵᠤ ᠠᠬᠤᠶᠢᠯᠠᠯ ᠤᠨ 6.2 ᠳ᠋ᠦᠩᠰᠢᠭᠤᠷ ᠲᠣᠨ ᠪᠦᠳᠦᠭᠦᠯᠢᠭ ᠪᠤᠯᠤᠳ ᠦᠢᠯᠡᠳᠪᠦᠷᠢᠯᠡᠬᠦ ᠴᠢᠳᠠᠪᠤᠷᠢ ᠳᠤ ᠬᠡᠳᠤ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠬᠢᠵᠦ᠂ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ ᠠᠵᠤ ᠠᠬᠤᠶᠢᠯᠠᠯ ᠵᠢᠴᠢ ᠪᠦᠯᠦᠭᠯᠡᠯ ᠤᠳ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠮᠠᠰᠢ ᠤᠯᠠᠨ ᠭᠠᠵᠠᠷ ᠣᠷᠣᠨ ᠤ ᠪᠤᠯᠤᠳ ᠲᠡᠮᠦᠷ᠂ ᠨᠡᠭᠦᠷᠡᠰᠦ ᠵᠡᠷᠭᠡ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠪᠡ ᠁       ᠤᠰᠤ ᠮᠥᠷᠡᠨ ᠢ ᠨᠡᠩ ᠲᠤᠩᠭᠠᠯᠠᠭ ᠪᠠᠶᠢᠯᠭᠠᠬᠤ ᠶᠢᠨ ᠲᠤᠰᠠᠳᠠ᠂ ᠲᠡᠵᠢᠭᠡᠨ ᠦᠷᠡᠵᠢᠭᠦᠯᠬᠦ ᠡᠷᠦᠭᠡ ᠨᠢ ᠲᠣᠣᠷ ᠤᠨ ᠬᠠᠶᠢᠷᠴᠠᠭ ᠢᠶᠠᠨ ᠬᠤᠷᠢᠶᠠᠵᠤ᠂ ᠭᠤᠣᠯ ᠮᠥᠷᠡᠨ ᠨᠠᠭᠤᠷ ᠴᠥᠭᠦᠷᠥᠮ ᠢ ᠪᠠᠶᠢᠭᠠᠯᠢ ᠳᠤ ᠪᠤᠴᠠᠭᠠᠨ᠂ ᠬᠤᠳᠠ ᠶᠢᠨ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠥᠭᠡᠷᠡᠴᠢᠯᠡᠨ ᠵᠠᠰᠠᠯᠲᠠ ᠶᠢ ᠲᠦᠷᠭᠡᠨ ᠠᠬᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠬᠡᠮᠥ᠋ᠷᠡᠨ ᠳᠠᠭᠠᠤ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ︽ᠬᠠᠭᠠᠵᠤ ᠥᠭᠡᠷᠡᠴᠢᠯᠡᠵᠦ ᠨᠡᠭᠦᠯᠭᠡᠵᠦ ᠰᠢᠯᠵᠢᠭᠦᠯᠬᠦ︾ ᠥᠭᠡᠷᠡᠴᠢᠯᠡᠯᠲᠡ ᠬᠢᠪᠡ ᠁      ᠳᠦᠷᠢᠮ ᠤᠨ ᠬᠦᠴᠦ ᠪᠠᠷ ᠪᠣᠬᠢᠷᠲᠤᠯ ᠦᠭᠡᠢ ᠬᠥᠭᠵᠢᠯᠲᠡ ᠶᠢᠨ ᠠᠶᠠᠨ ᠵᠠᠮ ᠢ ᠬᠠᠮᠠᠭᠠᠯᠠᠨ᠎ᠠ᠃ ᠤᠢᠢᠷ᠎ᠠ ᠶᠢᠨ ᠵᠢᠯ ᠤᠳ ᠲᠤ᠂ ᠣᠷᠴᠢᠨ ᠲᠣᠭᠤᠷᠢᠨ ᠶᠢ ᠬᠠᠮᠠᠭᠠᠯᠠᠬᠤ ᠬᠠᠤᠯᠢ᠂ ᠣᠷᠴᠢᠨ ᠲᠣᠭᠤᠷᠢᠨ ᠶᠢ ᠬᠠᠮᠠᠭᠠᠯᠠᠬᠤ ᠭᠠᠶᠢᠯᠢ ᠶᠢᠨ ᠬᠠᠤᠯᠢ ᠵᠢᠴᠢ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ ᠪᠣᠯᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ ᠵᠡᠷᠭᠡ ᠬᠠᠤᠯᠢ ᠴᠠᠭᠠᠵᠠ ᠶᠢ ᠨᠡᠩ ᠲᠡᠭᠦᠯᠳᠡᠷᠵᠢᠭᠦᠯᠪᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠤᠯᠪᠣᠭᠳᠠᠭᠰᠠᠨ ᠥᠭᠡᠷᠡᠴᠢᠯᠡᠯᠲᠡ ᠶᠢᠨ ᠲᠥᠰᠦᠯ ᠢ ᠵᠠᠯᠭᠠᠭ᠎ᠠ ᠪᠠᠷ ᠨᠡᠶᠢᠲᠡᠯᠡᠵᠦ᠂ ᠢᠯᠠᠩᠭᠤᠶ᠎ᠠ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ︽ᠬᠤᠷᠴᠠ ᠰᠡᠯᠡᠮ᠎ᠡ︾ ᠨᠢ ᠡᠬᠡ ᠤᠯᠤᠰ ᠤᠨ ᠬᠥᠬᠡᠮᠳᠦᠭ ᠨᠣᠭᠤᠭᠠᠨ ᠠᠭᠤᠯᠠ ᠤᠰᠤ ᠶᠢ ᠴᠠᠭ ᠢᠮᠠᠭᠲᠠ ᠰᠠᠬᠢᠨ ᠬᠠᠮᠠᠭᠠᠯᠠᠵᠤ ᠪᠤᠢ᠃      ︽ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠩ ᠬᠦᠴᠦᠲᠡᠶ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠠᠪᠴᠤ ᠪᠠᠶᠢᠭᠠᠳ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠠᠴᠠ ᠡᠮᠦᠨ᠎ᠡ ᠣᠷᠭᠢᠯ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠵᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃︾       2020 ᠣᠨ ᠤ 9 ᠳ᠋ᠦ᠋ᠭᠡᠷ ᠰᠠᠷ᠎ᠠ ᠶᠢᠨ 22 ᠤᠨ ᠡᠳᠦᠷ᠂ ᠲᠡᠷᠢᠭᠦᠯᠡᠭᠴᠢ ᠰᠢ ᠶᠢᠨ ᠫᠢᠩ ᠲᠠᠯᠠᠨ ᠲᠠᠪᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ ᠴᠢᠨᠠᠷᠲᠠᠢ ᠮᠠᠷᠭᠤᠯᠳᠤᠭᠠᠨ ᠳᠡᠭᠡᠷ᠎ᠡ ᠲᠥᠪ ᠴᠢᠩᠭ᠎ᠠ ᠠᠮᠠᠯᠠᠯᠲᠠ ᠬᠢᠵᠦ᠂ ᠪᠦᠬᠦ ᠳᠡᠯᠡᠬᠡᠢ ᠳᠤ ᠳᠤᠮᠳᠠᠳᠤ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠵᠠᠮᠨᠠᠬᠤ ᠴᠢᠩᠭ᠎ᠠ ᠲᠤᠬᠢᠶ᠎ᠠ ᠶᠢ ᠲᠠᠯᠪᠢᠨ ᠭᠠᠷᠭᠠᠪᠠ᠃      ᠥᠨᠢ ᠤᠳᠠᠭᠠᠨ ᠴᠢᠷᠮᠠᠶᠢᠯᠭ᠎ᠠ — ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠪᠠ
6375876496715332538960654.jpg
      2020 ᠣᠨ ᠤ 11 ᠳ᠋ᠦ᠋ᠭᠡᠷ ᠰᠠᠷ᠎ᠠ ᠶᠢᠨ 20 ᠤ ᠡᠳᠦᠷ ᠰᠡᠭᠦᠳᠡᠷᠯᠡᠭᠰᠡᠨ ᠹᠦᠵᠢᠶᠠᠨ ᠮᠤᠵᠢ ᠶᠢᠨ ᠰᠠᠨᠮᠢᠩ ᠬᠤᠲᠠ ᠶᠢᠨ ᠵᠢᠶᠠᠩᠯᠧ ᠰᠢᠶᠠᠨ ᠤ ᠭᠤᠤ ᠲᠠᠩ ᠪᠠᠯᠭᠠᠰᠤᠨ ᠤ ᠴᠠᠩ ᠺᠸᠦ ᠲᠣᠰᠬᠤᠨ ︵ᠵᠢᠯᠣᠭᠤᠴᠢ ᠥᠬᠡᠶ ᠨᠢᠰᠬᠡᠯ ᠤᠨ ᠰᠡᠭᠦᠳᠡᠷ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠥᠩ ᠸᠧᠶ ᠸᠧᠶ ᠰᠡᠭᠦᠳᠡᠷᠯᠡᠪᠡ      ᠹᠦᠵᠢᠶᠠᠨ ᠮᠤᠵᠢ ᠶᠢᠨ ᠰᠠᠨᠮᠢᠩ ᠬᠤᠲᠠ ᠶᠢᠨ ᠵᠢᠶᠠᠩᠯᠧ ᠰᠢᠶᠠᠨ ᠤ ᠭᠤᠤ ᠲᠠᠩ ᠪᠠᠯᠭᠠᠰᠤᠨ ᠤ ᠴᠠᠩ ᠺᠸᠤ ᠲᠣᠰᠬᠤᠨ᠃ ᠵᠤᠨ ᠤ ᠨᠡᠷᠡᠨ ᠳᠣᠣᠷ᠎ᠠ᠂ ᠶᠢᠨ ᠰᠢ ᠾᠧ ᠭᠤᠣᠯ ᠲᠣᠰᠬᠤᠨ ᠤ ᠵᠠᠬ᠎ᠠ ᠪᠠᠷ ᠠᠯᠭᠤᠷᠬᠠᠨ ᠤᠷᠤᠰᠤᠨ ᠥᠩᠭᠡᠷᠡᠵᠦ᠂ ᠬᠦᠪᠡᠭᠡ ᠪᠠᠷ ᠨᠢ ᠬᠡᠳᠦᠨ ᠮᠢᠩᠭᠠᠨ ᠮᠦ ᠪᠠᠶᠢᠭᠠᠯᠢ ᠶᠢᠨ ᠥᠷᠭᠡᠨ ᠨᠠᠪᠴᠢᠲᠤ ᠤᠢ ᠪᠠᠶᠢᠳᠠᠭ᠃ ᠲᠣᠰᠬᠤᠨ ᠤ ᠨᠠᠮ ᠤᠨ ᠡᠭᠦᠷ ᠤᠨ ᠱᠦᠵᠢ ᠵᠠᠩ ᠯᠢᠨ ᠱᠦᠨ ᠲᠣᠰᠬᠤᠨ ᠤ ᠨᠢᠭᠡ ᠪᠦᠳᠦᠭᠦᠨ ᠮᠣᠳᠣᠨ ᠤ ᠳᠣᠣᠷ᠎ᠠ ᠰᠠᠭᠤᠭᠠᠳ ᠰᠤᠷᠪᠤᠯᠵᠢᠯᠠᠭᠴᠢ ᠳᠤ᠄ ︽ᠮᠠᠨ ᠤ ᠲᠣᠰᠬᠤᠨ ᠨᠢᠭᠡ ᠮᠣᠳᠣ ᠶᠢ ᠴᠤ ᠣᠭᠲᠣᠯᠣᠭᠰᠠᠨ ᠦᠭᠡᠢ᠂ ᠨᠡᠭᠦᠷᠡᠰᠦᠲᠥ᠋ᠷᠥᠭᠴᠢ ᠶᠢᠨ ᠪᠢᠯᠧᠲ ᠬᠤᠳᠠᠯᠳᠤᠭᠠᠳ 14 ᠲᠦᠮᠡ ᠭᠠᠷᠤᠢ ᠲᠥᠭᠦᠷᠢᠭ ᠣᠯᠵᠠᠢ︾ ᠭᠡᠵᠦ ᠬᠡᠯᠡᠪᠡ᠃      ᠪᠠᠭ᠎ᠠ ᠳᠤ ᠪᠠᠨ ᠠᠬᠠᠮᠠᠳ ᠢᠶᠠᠨ ᠳᠠᠭᠠᠵᠤ ᠠᠭᠤᠯᠠᠨ ᠳᠤ ᠭᠠᠷᠴᠤ ᠮᠣᠳᠣ ᠴᠠᠪᠴᠢᠳᠠᠭ ᠪᠠᠶᠢᠭᠰᠠᠨ ᠢᠶᠠᠨ ᠲᠡᠷᠡ ᠪᠠᠰᠠ ᠴᠡᠭᠡᠵᠢᠯᠡᠭᠰᠡᠭᠡᠷ ᠪᠠᠶᠢᠯ᠎ᠠ᠃ ᠵᠢᠯ ᠳᠠᠷᠠᠭᠠᠯᠠᠨ ᠬᠡᠲᠦᠷᠡᠲᠡᠯ᠎ᠡ ᠣᠭᠲᠣᠯᠤᠭᠰᠠᠨ ᠠᠴᠠ ᠠᠭᠤᠯᠠᠨ ᠳᠤ ᠨᠢᠭᠡ ᠦᠶ᠎ᠡ ᠳᠤ ᠮᠣᠳᠣ ᠬᠠᠷᠠᠭᠳᠠᠬᠤ ᠪᠠᠨ ᠪᠤᠯᠢᠵᠠᠢ᠃ 2003 ᠣᠨ ᠠᠴᠠ ᠡᠬᠢᠯᠡᠨ᠂ ᠰᠠᠨᠮᠢᠩ ᠬᠤᠲᠠ ᠶᠢᠨ ᠬᠢᠨ ᠣᠶ ᠰᠢᠭᠤᠶ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠰᠦᠪᠡᠭᠴᠢᠯᠡᠵᠦ᠂ ︽ᠠᠭᠤᠯᠠ ᠶᠢ ᠡᠷᠦᠬᠡ ᠳᠤ ᠬᠤᠪᠢᠶᠠᠨ᠂ ᠣᠶ ᠶᠢ ᠬᠥᠮᠦᠨ ᠳᠤ ᠳᠠᠭᠠᠭᠠᠴᠢᠯᠠᠭᠤᠯᠬᠤ︾ ᠥᠭᠡᠷᠡᠴᠢᠯᠡᠯᠲᠡ ᠶᠢ ᠲᠤᠷᠰᠢᠨ ᠬᠡᠷᠡᠭᠵᠢᠭᠦᠯᠵᠦ᠂ ︽ᠠᠭᠤᠯᠠ ᠶᠢᠨ ᠡᠷᠬᠡ ᠶᠢ ᠲᠣᠭᠲᠠᠭᠠᠬᠤ᠂ ᠮᠣᠳᠣ ᠶᠢᠨ ᠦᠨᠳᠦᠰᠦ ᠶᠢ ᠲᠣᠭᠲᠠᠭᠠᠬᠤ᠂ ᠬᠥᠮᠦᠨ ᠤ ᠰᠡᠳᠬᠢᠯ ᠢ ᠲᠣᠭᠲᠠᠭᠠᠬᠤ︾ ᠶᠢ ᠪᠡᠶᠡᠯᠡᠭᠦᠯᠵᠡᠶ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠠᠨᠮᠢᠩ ᠬᠤᠳᠠ ᠶᠢᠨ ᠬᠢᠨ ᠠᠮᠢ ᠠᠬᠤᠢ ᠶᠢᠨ ᠪᠦᠲᠦᠭᠡᠭᠳᠡᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠰᠦᠪᠡᠭᠴᠢᠯᠡᠵᠦ᠂ ᠮᠣᠳᠣ ᠲᠠᠷᠢᠵᠤ ᠤᠢ ᠶᠢ ᠬᠠᠮᠠᠭᠠᠯᠠᠬᠤ ᠣᠨᠣᠯᠵᠢᠬᠤᠨ ᠬᠥᠮᠦᠰ ᠤᠨ ᠰᠡᠳᠬᠢᠯ ᠳᠤ ᠨᠡᠩ ᠭᠦᠨ ᠰᠠᠭᠤᠭᠳᠠᠪᠠ᠃      ᠲᠦᠷᠦᠭᠦᠬᠡᠨ ᠳᠤ᠂ ᠴᠠᠩ ᠺᠸᠦ ᠲᠣᠰᠬᠤᠨ ᠪᠣᠯᠤᠨ ᠰᠠᠨᠮᠢᠩ ᠬᠤᠲᠠ ᠶᠢᠨ ᠱᠠ ᠰᠢᠶᠠᠨ ᠲᠣᠭᠤᠷᠢᠭ ᠤᠨ ᠰᠢᠶᠠ ᠮᠤᠤ ᠪᠠᠯᠭᠠᠰᠤᠨ ᠤ ᠢᠦᠶ ᠪᠠᠩ ᠲᠣᠰᠬᠤᠨ ᠳᠤ ᠰᠠᠨᠮᠢᠩ ᠣᠶ ᠰᠢᠭᠤᠶ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢᠨ ᠪᠢᠯᠧᠲ ᠢ ᠠᠩᠬ᠎ᠠ ᠲᠠᠷᠬᠠᠭᠠᠬᠤ ᠶᠣᠰᠣᠯᠠᠯ ᠶᠠᠪᠤᠭᠤᠯᠵᠤ᠂ ᠲᠦᠷᠦᠭᠦᠤ ᠪᠦᠯᠦᠭ ᠤᠨ ᠣᠶ ᠰᠢᠭᠤᠶ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢᠨ ᠪᠢᠯᠧᠲ ᠢ 5 ᠲᠠᠷᠬᠠᠭᠠᠵᠤ᠂ ᠨᠡᠶᠢᠲᠡ 29715 ᠲᠣᠨ ᠨᠡᠭᠦᠷᠡᠰᠦᠲᠥ᠋ᠷᠥᠭᠴᠢ ᠢ ᠬᠤᠷᠠᠭᠤᠯᠪᠠ᠃ ᠵᠠᠩ ᠯᠢᠨ ᠱᠦᠨ ᠤ ᠣᠯᠤᠭᠰᠠᠨ ᠨᠡᠭᠦᠷᠡᠰᠦᠲᠥ᠋ᠷᠥᠭᠴᠢ ᠶᠢᠨ ᠪᠢᠯᠧᠲ ᠨᠢ ᠴᠠᠩ ᠺᠸᠦ ᠲᠣᠰᠬᠤᠨ ᠤ 3197 ᠮᠦ ᠠᠮᠢ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠤᠢ ᠳᠤ ᠬᠤᠯᠪᠣᠭᠳᠠᠵᠠᠢ᠃      ᠰᠠᠨᠮᠢᠩ ᠬᠤᠲᠠ ᠶᠢᠨ ᠣᠶ ᠰᠢᠭᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠮᠧᠶ ᠭᠤᠤ ᠶᠢᠨ ᠲᠠᠨᠢᠯᠴᠠᠭᠤᠯᠤᠭᠰᠠᠨ ᠢᠶᠠᠷ᠂ ᠨᠡᠭᠦᠷᠡᠰᠦᠲᠥ᠋ᠷᠥᠭᠴᠢ ᠶᠢᠨ ᠪᠢᠯᠧᠲ ᠪᠣᠯ ᠣᠶ ᠮᠣᠳᠣᠨ ᠤ ᠤᠷᠭᠤᠯᠲᠠ ᠶᠢᠨ ᠬᠡᠮᠵᠢᠶ᠎ᠡ ᠪᠠ ᠨᠡᠮᠡᠭᠳᠡᠯ ᠢᠶᠠᠷ ᠲᠥᠰᠦᠭᠡᠯᠡᠨ ᠪᠤᠳᠤᠬᠤ ᠰᠠᠭᠤᠷᠢ ᠪᠣᠯᠭᠠᠵᠤ ᠰᠣᠯᠢᠨ ᠪᠤᠳᠤᠭᠰᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠮᠵᠢᠶ᠎ᠡ ᠪᠣᠯᠤᠨ᠎ᠠ᠂ ︽ᠪᠢᠯᠧᠲ︾ ᠤᠨ ᠬᠡᠯᠪᠡᠷᠢ ᠪᠠᠷ ᠣᠶ ᠮᠣᠳᠣᠨ ᠤ ᠥᠮᠴᠢᠯᠡᠯ ᠤᠨ ᠡᠷᠬᠡᠲᠦ ᠬᠥᠮᠦᠨ ᠳᠤ ᠲᠦᠭᠡᠭᠡᠨ ᠥᠭᠴᠦ᠂ ᠡᠭᠦᠨ ᠤ ᠤᠯᠠᠮ ᠠᠴᠠ ︽ᠠᠭᠠᠷ︾ ᠢ ᠠᠷᠠᠯᠵᠢᠶᠠᠯᠠᠵᠤ ᠪᠣᠯᠬᠤ᠂ ᠬᠠᠳᠠᠭᠠᠯᠠᠵᠤ ᠪᠣᠯᠬᠤ᠂ ᠵᠢᠭᠡᠯᠡᠯᠭᠡ ᠵᠢᠭᠡᠯᠡᠵᠦ ᠪᠣᠯᠬᠤ ︽ᠰᠢᠵᠢᠷ ᠠᠯᠲᠠ ᠴᠠᠭᠠᠨ ᠮᠥᠩᠭᠦ︾ ᠪᠣᠯᠭᠠᠨ ᠬᠤᠪᠢᠷᠠᠭᠤᠯᠤᠨ᠎ᠠ᠃      ︽ᠤᠢ ᠮᠣᠳᠣ ᠶᠢ ᠰᠠᠶᠢᠲᠤᠷ ᠬᠠᠮᠢᠶᠠᠷᠳᠠᠭ ᠯᠠ ᠶᠤᠮ ᠪᠣᠯ ᠤᠢ ᠮᠣᠳᠣᠨ ᠤ ᠥᠮᠴᠢᠯᠡᠯ ᠤᠨ ᠡᠷᠬᠡᠲᠦ ᠬᠥᠮᠦᠨ ᠳᠠᠷᠤᠶ ᠲᠠᠰᠤᠷᠠᠯᠳᠠ ᠦᠭᠡᠢ ᠣᠷᠣᠯᠭ᠎ᠠ ᠣᠯᠵᠤ ᠪᠣᠯᠤᠨ᠎ᠠ᠃︾ ᠭᠡᠵᠦ ᠴᠧᠨ ᠮᠧᠢ ᠭᠤᠤ ᠬᠡᠯᠡᠪᠡ᠃      ᠮᠣᠳᠣ ᠣᠭᠲᠣᠯᠵᠤ ᠠᠮᠢᠳᠤᠷᠠᠵᠤ ᠪᠠᠶᠢᠭᠰᠠᠨ ᠠᠴᠠ ᠤᠢ ᠰᠢᠭᠤᠢ ᠶᠢ ᠬᠠᠮᠠᠭᠠᠯᠠᠵᠤ ᠣᠷᠣᠯᠭ᠎ᠠ ᠪᠠᠨ ᠨᠡᠮᠡᠭᠳᠡᠭᠦᠯᠬᠦ ᠬᠦᠷᠲᠡᠯ᠎ᠡ᠂ ᠴᠠᠩ ᠺᠸᠤ ᠲᠣᠰᠬᠤᠨ ᠤ ᠬᠥᠭᠵᠢᠯᠲᠡ ᠪᠣᠯ ᠨᠢᠭᠡᠨ ᠴᠣᠩᠬᠤ ᠰᠢᠭ᠋ ᠢᠶᠠᠷ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠲᠠᠭᠠᠭᠤᠯᠭ᠎ᠠ ᠳᠣᠣᠷᠠᠬᠢ ᠳᠤᠮᠳᠠᠳᠤ ᠤᠯᠤᠰ ᠲᠤ ᠭᠠᠷᠤᠭᠰᠠᠨ ᠯᠤᠲᠤ ᠶᠡᠭᠡ ᠬᠤᠪᠢᠷᠠᠯᠲᠠ ᠶᠢ ᠬᠠᠷᠠᠭᠤᠯᠵᠠᠢ᠃ ᠡᠨᠡ ᠪᠣᠯ ᠨᠢᠭᠡᠨ ᠤᠳᠠᠭᠠᠨ ᠤ ᠬᠥᠭᠵᠢᠯᠲᠡ ᠶᠢᠨ ᠦᠵᠡᠯᠲᠡ ᠶᠢᠨ ᠴᠢᠬᠤᠯᠠ ᠶᠡᠭᠡ ᠬᠤᠪᠢᠰᠤᠯᠲᠠ ᠮᠥᠨ᠂ ᠲᠡᠷᠡ ᠨᠢ ᠪᠢᠳᠡᠨ ᠤ ᠠᠮᠢ ᠠᠬᠤᠶ ᠶᠢᠨ ᠪᠣᠯᠪᠠᠰᠤᠨ ᠤ ᠵᠠᠮ ᠢᠶᠠᠷ ᠡᠷᠡᠰ ᠵᠠᠮᠨᠠᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠪᠣᠳᠠᠲᠠᠶ ᠠᠵᠢᠯᠯᠠᠭ᠎ᠠ ᠶᠢ ᠵᠢᠯᠣᠭᠤᠳᠴᠤ ᠪᠠᠶᠢᠨ᠎ᠠ᠃     
6375876498934082159414667.jpg
      2021 ᠣᠨ ᠤ 5 ᠳ᠋ᠤᠭᠠᠷ ᠰᠠᠷ᠎ᠠ ᠶᠢᠨ 30 ᠤ ᠡᠳᠦᠷ᠂ ᠵᠤᠭᠠᠴᠠᠭᠰᠠᠳ ᠡᡁᠧᠪᠸᠢ ᠮᠤᠵᠢ ᠶᠢᠨ ᠬᠠᠨᠳᠠᠨ ᠬᠤᠳᠠ ᠶᠢᠨ ᠼᠢ ᠰᠢᠶᠠᠨ ᠤ ᠲᠢᠶᠠᠨ ᠪᠦᠦ ᠵᠠᠢ ᠦᠵᠡᠮᠵᠢ ᠶᠢᠨ ᠣᠷᠣᠨ ᠢᠶᠠᠷ ᠵᠤᠭᠠᠴᠠᠵᠤ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠰᠢᠶᠤᠤ ᠰᠡᠭᠦᠳᠡᠷᠯᠡᠪᠡ      ᠥᠩᠭᠡᠷᠡᠭᠰᠡᠨ ᠳᠤ ᠨᠡᠭᠦᠷᠡᠰᠦ ᠪᠠᠷ ᠬᠥᠭᠵᠢᠨ ᠮᠠᠨᠳᠤᠭᠰᠠᠨ ᠡᡁᠧᠪᠸᠢ ᠶᠢᠨ ᠼᠢ ᠰᠢᠶᠠᠨ ᠤ ᠬᠢᠨ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ ᠂ ᠠᠮᠢ ᠠᠬᠤᠢ ᠶᠢᠨ ᠬᠤᠷᠢᠭ᠎ᠠ ᠱᠤᠭᠤᠮ ᠢ ᠲᠣᠭᠲᠠᠭᠠᠬᠤ ᠵᠡᠷᠭᠡ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠶᠢ ᠢᠳᠡᠪᠬᠢᠲᠡᠢ ᠴᠤᠤᠷᠢᠶᠠᠲᠤᠵᠤ᠂ ᠴᠥᠭᠡᠨ ᠪᠤᠰᠤ ᠨᠡᠭᠦᠷᠡᠰᠦᠨ ᠠᠭᠤᠷᠬᠠᠢ ᠶᠢ ᠵᠣᠷᠢᠭ ᠰᠢᠭᠤᠳᠤᠨ ᠬᠠᠭᠠᠵᠤ ᠵᠣᠭᠰᠣᠭᠠᠨ᠂ ᠥᠪᠡᠷᠮᠢᠴᠡ ᠠᠮᠢ ᠠᠬᠤᠢ ᠶᠢᠨ ᠡᠬᠢ ᠪᠠᠶᠠᠯᠢᠭ ᠲᠤ ᠪᠠᠨ ᠲᠦᠰᠢᠭᠯᠡᠨ᠂ ︽ᠦᠵᠡᠰᠬᠦᠯᠡᠩᠲᠦ ᠰᠠᠶᠢᠬᠠᠨ ᠠᠵᠤ ᠠᠬᠤᠢ︾ ᠶᠢ ᠶᠡᠭᠡ ᠪᠠᠷ ᠬᠥᠭᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠰᠢᠨ᠎ᠡ ᠵᠠᠮ ᠢ ᠨᠡᠭᠡᠭᠡᠵᠡᠢ᠃      ᠠᠮᠢ ᠠᠬᠤᠶ ᠶᠢᠨ ᠰᠠᠶᠢᠬᠠᠨ ᠨᠢ ᠬᠥᠭᠵᠢᠯᠲᠡ ᠶᠢᠨ ᠬᠤᠪᠢᠷᠠᠯᠲᠠ ᠶᠢ ᠪᠤᠶ ᠪᠣᠯᠭᠠᠳᠠᠭ᠃ 2020 ᠣᠨ ᠳᠤ᠂ ᠼᠢ ᠰᠢᠶᠠᠨ ᠪᠦᠬᠦ ᠵᠢᠯ ᠳᠤ 700 ᠭᠠᠷᠤᠢ ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ 18% ᠪᠠᠷ ᠨᠡᠮᠡᠭᠳᠡᠵᠦ᠂ ᠵᠤᠭᠠᠴᠠᠯ ᠤᠨ ᠦᠢᠯᠡᠰ ᠤᠨ ᠶᠡᠷᠦᠩᠬᠡᠢ ᠣᠷᠣᠯᠭ᠎ᠠ ᠨᠢ  19.4% ᠪᠠᠷ ᠨᠡᠮᠡᠭᠳᠡᠵᠡᠢ᠃      ᠠᠵᠤ ᠠᠬᠤᠢ ᠶᠢᠨ ᠣᠨᠴᠠᠭᠠᠢ ᠣᠷᠣᠨ ᠪᠣᠯᠬᠤ ᠱᠧᠨᠵᠧᠨ ᠳᠤ ᠮᠤᠤ ᠵᠧᠦ ᠾᠧ ᠭᠤᠣᠯ᠂ ᠱᠧᠨᠵᠧᠨ ᠭᠤᠣᠯ ᠵᠡᠷᠭᠡ ᠪᠠᠷ ᠲᠥᠯᠥᠭᠡᠯᠡᠭᠦᠯᠦᠭᠰᠡᠨ ᠬᠦᠨᠳᠦ ᠪᠣᠬᠢᠷᠲᠤᠯ ᠲᠠᠢ ᠭᠤᠣᠯ ᠮᠥᠷᠡᠨ ᠤ ᠵᠠᠰᠠᠯᠲᠠ ᠪᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠰᠠᠨ ᠤ ᠬᠠᠮᠲᠤ ᠡᠭᠦᠨ ᠢᠶᠠᠷ ᠤᠳᠤᠷᠢᠳᠤᠮᠵᠢ ᠪᠣᠯᠭᠠᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠪᠠᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠲᠠᠶᠢᠴᠢᠯᠠᠵᠤ᠂ ᠪᠦᠬᠦ ᠬᠤᠳᠠ ᠶᠢᠨ ᠬᠡᠪᠴᠢᠶᠡᠨ ᠳᠤ ᠪᠣᠬᠢᠷ ᠦᠮᠡᠬᠡᠢ ᠤᠰᠤᠨ ᠴᠣᠭᠴᠠ ᠶᠢ ᠠᠷᠢᠯᠭᠠᠬᠤ ᠶᠢ ᠪᠡᠶᠡᠯᠡᠭᠦᠯᠵᠡᠢ᠃
6375876501927832053736173.jpg
      ᠡᠨᠡ ᠪᠣᠯ 2020 ᠣᠨ ᠤ 6 ᠳ᠋ᠤᠭᠠᠷ ᠰᠠᠷ᠎ᠠ ᠶᠢᠨ 15 ᠤ ᠡᠳᠦᠷ ᠰᠡᠭᠦᠳᠡᠷᠯᠡᠭᠰᠡᠨ ᠤᠰᠤ ᠶᠢ ᠵᠠᠰᠠᠭᠰᠠᠨ ᠤ ᠳᠠᠷᠠᠭᠠᠬᠢ ᠱᠧᠨᠵᠧᠨ ᠤ ᠮᠤᠤ ᠵᠧᠤ ᠾᠧ ᠭᠤᠣᠯ  ︵ᠵᠢᠯᠣᠭᠤᠴᠢ ᠥᠬᠡᠶ ᠨᠢᠰᠬᠡᠯ ᠤᠨ ᠰᠡᠭᠦᠳᠡᠷ︶ ᠪᠣᠯᠤᠨ᠎ᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠧᠩ ᠬᠤᠸᠠ ᠰᠡᠭᠦᠳᠡᠷᠯᠡᠪᠡ      ᠳᠠᠯᠠᠭᠠᠳ ᠨᠠᠰᠤᠲᠠᠶ ᠰᠠᠭᠤᠭᠠᠯᠢ ᠠᠷᠠᠳ ᠬᠤᠸᠠᠩ ᠶᠣᠣ ᠲᠠᠩ ᠡᠷᠭᠢᠴᠡᠭᠦᠯᠬᠦ ᠳᠤ ᠪᠠᠨ᠂ ᠥᠩᠭᠡᠷᠡᠭᠰᠡᠨ ᠤ ᠮᠤᠤ ᠵᠧᠤ ᠾᠧ ᠭᠤᠤᠯ ᠤᠨ ᠤᠰᠤ ᠨᠢ  ︽ᠪᠡᠭᠡ ᠠᠴᠠ ᠴᠦ ᠬᠠᠷ᠎ᠠ᠂ ᠴᠢᠯᠠᠭᠤᠨ ᠲᠣᠰᠣᠨ ᠠᠴᠠ ᠴᠤ ᠥᠳᠬᠡᠨ︾ ᠪᠠᠶᠢᠵᠠᠶ᠃ 2016 ᠣᠨ ᠠᠴᠠ ᠡᠬᠢᠯᠡᠨ᠂ ᠱᠧᠨᠵᠧᠨ ᠬᠤᠲᠠ ᠮᠠᠰᠢ ᠨᠠᠷᠢᠯᠢᠭ ᠠᠷᠭ᠎ᠠ ᠪᠠᠷ ᠪᠣᠷᠣᠭᠠᠨ ᠤ ᠤᠰᠤ ᠪᠠ ᠪᠣᠬᠢᠷᠲᠤᠯ ᠢ ᠰᠠᠯᠭᠠᠬᠤ᠂ ᠡᠬᠢ ᠢᠷᠡᠯᠲᠡ ᠠᠴᠠ ᠨᠢ ᠵᠠᠰᠠᠬᠤ ᠶᠢ ᠠᠬᠢᠭᠤᠯᠵᠤ᠂ ᠰᠠᠭᠤᠭᠠᠯᠢ ᠠᠷᠠᠳ ︽ᠮᠤᠤ ᠵᠧᠦ ᠾᠧ ᠭᠤᠣᠯ ᠴᠡᠪᠡᠷᠰᠢᠵᠦ ᠂ ᠴᠠᠭᠠᠨ ᠳᠡᠭᠡᠯᠡᠢ ᠪᠠᠶᠢᠨ ᠪᠠᠶᠢᠨ ᠨᠢᠰᠦᠨ ᠥᠩᠭᠡᠷᠡᠬᠦ︾ ᠶᠢ ᠣᠯᠵᠤ ᠬᠠᠷᠠᠬᠤ ᠪᠣᠯᠪᠠ ᠭᠡᠵᠡᠢ᠃ ᠣᠳᠣᠬᠠᠨ ᠳᠤ᠂ ᠲᠤᠬᠠᠢ ᠶᠢᠨ ᠭᠠᠵᠠᠷ ᠤᠨ ᠬᠢᠨ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠠᠴᠠ ᠰᠠᠯᠵᠤ᠂ ᠳᠡᠭᠡᠳᠦ ᠨᠠᠷᠢᠯᠢᠭ ᠣᠷᠦ᠋ᠢᠯᠠᠭᠴᠢ ᠮᠡᠷᠭᠡᠵᠢᠯ ᠢ ᠡᠵᠡᠮᠰᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠢ ᠤᠯᠠᠨ ᠪᠠᠶᠢᠭᠤᠯᠵᠠᠢ᠃      ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠱᠠᠩᠳᠠ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠭᠦᠨᠵᠡᠭᠡᠢ ᠠᠬᠢᠬᠤ ᠶᠢ ᠲᠠᠭᠠᠯᠳᠤᠨ᠂ ᠠᠮᠢ ᠠᠬᠤᠢ ᠶᠢᠨ ᠣᠷᠴᠢᠨ ᠲᠣᠭᠤᠷᠢᠨ ᠤ ᠳᠤᠲᠠᠭᠤᠳᠠᠯ ᠢ ᠲᠠᠰᠤᠷᠠᠯᠲᠠ ᠦᠭᠡᠢ ᠨᠥᠬᠦᠪᠥᠷᠢᠯᠡᠵᠦ᠂ ᠪᠣᠬᠢᠷᠲᠤᠯ ᠦᠭᠡᠢ ᠬᠥᠭᠵᠢᠯᠲᠡ ᠶᠢ ᠬᠠᠷᠰᠢᠯᠠᠭᠰᠠᠨ ᠪᠠᠶᠢᠭᠤᠯᠤᠯ ᠪᠣᠯᠤᠨ ᠲᠦᠷᠢᠮ ᠢ ᠢᠯᠭᠠᠨ ᠴᠡᠪᠡᠷᠯᠡᠵᠦ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠥᠩᠭᠡ ᠦᠵᠡᠮᠵᠢ ᠶᠢ ᠵᠢᠷᠤᠭᠯᠠᠵᠠᠢ᠃      ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠪᠠᠶᠢᠭᠤᠯᠬᠤ᠂ ᠪᠠᠶᠢᠭᠠᠯᠢᠯᠢᠭ ᠤᠢ ᠶᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠯᠢ ᠤᠯᠠᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠭᠦᠨᠵᠡᠭᠡᠶ ᠠᠬᠢᠭᠤᠯᠪᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠯᠤᠰ ᠤᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 23.04% ᠪᠣᠯᠲᠠᠯ᠎ᠠ ᠳᠡᠭᠡᠭᠰᠢᠯᠡᠵᠦ᠂ ᠣᠶ ᠰᠢᠭᠤᠶ ᠶᠢᠨ ᠬᠠᠳᠠᠭᠠᠯᠠᠭᠳᠠᠴᠠ 175 ᠳ᠋ᠦᠩᠰᠢᠭᠤᠷ ᠺᠦᠸᠠᠳ᠋ ᠮᠧᠳ᠋ᠷ ᠠᠴᠠ ᠳᠠᠪᠠᠵᠤ᠂ 30 ᠵᠢᠯ ᠳᠠᠷᠠᠭᠠᠯᠠᠨ ︽ᠬᠤᠤᠰ ᠨᠡᠮᠡᠭᠳᠡᠯ︾ ᠢ ᠪᠠᠲᠤᠯᠠᠵᠤ᠂ ᠣᠶ ᠰᠢᠭᠤᠶ ᠶᠢᠨ ᠡᠬᠢ ᠪᠠᠶᠠᠯᠢᠭ ᠤᠨ ᠨᠡᠮᠡᠭᠳᠡᠯ ᠢᠶᠠᠷ ᠬᠠᠮᠤᠭ ᠶᠡᠭᠡ ᠤᠯᠤᠰ ᠪᠣᠯᠤᠭᠰᠠᠨ ᠪᠠᠶᠢᠨ᠎ᠠ᠃      ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ ᠂ ᠤᠯᠤᠰ ᠤᠨ ᠴᠡᠴᠡᠷᠯᠢᠭ ᠤᠨ ᠪᠠᠶᠢᠭᠤᠯᠤᠯ ᠤᠨ ᠲᠤᠷᠰᠢᠯᠲᠠ ᠶᠢᠨ ᠠᠵᠢᠯ ᠨᠢ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠬᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠱᠠᠲᠤᠴᠢ ᠴᠢᠨᠠᠷᠲᠠᠶ ᠦᠷ᠎ᠡ ᠪᠦᠲᠦᠭᠡᠯ ᠤᠯᠪᠠ᠃
6375876506021582268461956.jpg
      2020 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ ᠰᠡᠭᠦᠳᠡᠷᠯᠡᠭᠰᠡᠨ ᠱᠠᠨᠰᠢ ᠮᠤᠵᠢ ᠶᠢᠨ ᠵᠢᠩᠪᠢᠶᠠᠨ ᠰᠢᠶᠠᠨ ᠤ ᠬᠤᠸᠠᠩ ᠬᠤᠤ ᠵᠢᠶᠧ ᠪᠠᠯᠭᠠᠰᠤᠨ ᠤ ᠮᠠ ᠵᠢᠶ ᠭᠸᠦ ᠲᠣᠰᠬᠤᠨ ᠤ ᠲᠤᠲᠤᠷᠭᠠᠨ ᠲᠠᠷᠢᠶ᠎ᠠ ︵ᠵᠢᠯᠣᠭᠤᠴᠢ ᠦᠭᠡᠶ ᠨᠢᠰᠬᠡᠯ ᠤᠨ ᠰᠡᠭᠦᠳᠡᠷ︶᠃ ᠤᠢᠢᠷ᠎ᠠ ᠶᠢᠨ ᠵᠢᠯ ᠤᠳ ᠠᠴᠠ ᠨᠠᠭᠠᠰᠢ᠂ ᠵᠢᠩᠪᠢᠶᠠᠨ ᠰᠢᠶᠠᠨ  ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠶᠢ ᠪᠠᠶᠢᠭᠤᠯᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠬᠦ᠂ ᠰᠠᠪᠠ ᠭᠠᠵᠠᠷ ᠢ ᠵᠠᠰᠠᠬᠤ ᠵᠡᠷᠭᠡ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠠᠴᠠ᠂ ᠤᠮᠠᠷᠠᠲᠤ ᠬᠡᠰᠡᠭ ᠤᠨ ᠡᠯᠡᠰᠦᠨ ᠴᠥᠯ ᠤᠨ ᠢᠯᠡ ᠡᠯᠡᠰᠦ ᠪᠦᠷᠢᠮᠦᠰᠦᠨ ᠠᠷᠢᠯᠵᠤ᠂ ᠳᠤᠮᠳᠠ ᠬᠡᠰᠡᠭ ᠤᠨ ᠲᠠᠷᠢᠶᠠᠨ ᠭᠠᠵᠠᠷ ᠲᠤ ᠤᠢ ᠰᠢᠭᠤᠢ ᠶᠢᠨ ᠲᠣᠣᠷ ᠨᠡᠶᠢᠳᠡᠮ ᠪᠦᠷᠬᠦᠵᠦ᠂ ᠡᠮᠦᠨᠡᠲᠦ ᠬᠡᠰᠡᠭ ᠤᠨ ᠠᠭᠤᠯᠠᠷᠬᠠᠭ ᠣᠷᠣᠨ ᠤ ᠠᠭᠤᠯᠠ ᠨᠢ ᠵᠤᠨ ᠳᠤ ᠪᠠᠨ ᠨᠣᠭᠤᠭᠠᠨ ᠥᠩᠭᠡ ᠪᠠᠷ ᠪᠢᠯᠬᠠᠬᠤ ᠪᠣᠯᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠲᠤᠤ ᠮᠢᠩ ᠰᠡᠭᠦᠳᠡᠷᠯᠡᠪᠡ      ᠭᠤᠣᠯ ᠤᠨ ᠳᠠᠷᠤᠭ᠎ᠠ ᠶᠢᠨ ᠳᠦᠷᠢᠮ᠂ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠨᠢᠵᠡᠭᠡᠳ ᠭᠤᠣᠯ ᠮᠥᠷᠡᠨ᠂ ᠨᠢᠵᠡᠭᠡᠳ ᠨᠠᠭᠤᠷ ᠴᠥᠭᠦᠷᠥᠮ ᠳᠤ ᠪᠦᠷ ᠲᠤᠰᠬᠠᠶ ᠬᠠᠮᠠᠭᠠᠯᠠᠭᠴᠢ ᠲᠠᠢ ᠪᠤᠯᠵᠤ᠂ ᠠᠷᠠᠳ ᠤᠨ ᠳᠤᠮᠳᠠᠬᠢ ᠭᠤᠣᠯ ᠮᠥᠷᠡᠨ ᠤ ᠳᠠᠷᠤᠭ᠎ᠠ᠂ ᠨᠠᠭᠤᠷ ᠴᠥᠭᠦᠷᠥᠮ ᠤᠨ ᠳᠠᠷᠤᠭ᠎ᠠ ᠨᠠᠷ ᠢᠳᠡᠪᠬᠢᠲᠡᠶ ᠪᠠᠷ ᠠᠵᠢᠯ ᠤᠨ ᠪᠠᠶᠢᠷᠢ ᠳᠤ ᠭᠠᠷᠴᠠᠭᠠᠪᠠ᠃      ᠡᠨᠡ ᠵᠢᠯ ᠤᠨ 1 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ︾ ᠢ ᠨᠡᠶᠢᠲᠡᠯᠡᠵᠦ᠂ 2022 ᠣᠨ ᠤ 6 ᠳ᠋ᠤᠭᠠᠷ ᠰᠠᠷ᠎ᠠ ᠪᠣᠯᠬᠤ ᠳᠤ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠪᠠᠶᠢᠭᠤᠯᠬᠤ ᠶᠢ ᠦᠨᠡᠨ ᠬᠦ ᠪᠠᠲᠤᠯᠠᠨ᠎ᠠ ᠭᠡᠵᠦ ᠳᠤᠷᠠᠳᠪᠠ᠂ ᠡᠨᠡ ᠨᠢ ᠮᠠᠨ ᠤ ᠤᠯᠤᠰ ᠤᠨ ᠪᠣᠶ ᠪᠥᠬᠦᠶ ᠣᠶ ᠰᠢᠭᠤᠶ ᠪᠠ ᠨᠤᠲᠤᠭ ᠪᠡᠯᠴᠢᠭᠡᠷ ᠲᠤ ᠴᠥᠮ ᠲᠤᠰᠬᠠᠶ ᠬᠠᠮᠠᠭᠠᠯᠠᠭᠴᠢ ᠲᠠᠢ ᠪᠣᠯᠬᠤ ᠶᠢ ᠬᠠᠷᠠᠭᠤᠯᠵᠤ ᠪᠠᠶᠢᠨ᠎ᠠ᠃      ᠤᠯᠠᠮ ᠠᠴᠠ ᠣᠯᠠᠰᠢᠷᠠᠵᠤ ᠪᠠᠶᠢᠭ᠎ᠠ ᠬᠤᠪᠣᠷ ᠴᠤᠬᠠᠭ ᠤᠰᠠᠳᠬᠤ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠢ ᠨᠡᠩ ᠰᠠᠶᠢᠨ ᠬᠠᠮᠠᠭᠠᠯᠠᠵᠤ ᠪᠠᠶᠢᠨ᠎ᠠ᠄ ᠤᠯᠠᠭᠠᠨ ᠥᠷᠪᠢᠯᠳᠡᠶ ᠢᠯᠡᠷᠡᠭᠦᠯᠬᠦ ᠦᠶ᠎ᠡ ᠶᠢᠨ 7 ᠪᠠᠶᠢᠭᠰᠠᠨ ᠠᠴᠠ ᠪᠠᠨ 5000 ᠭᠠᠷᠤᠶ ᠪᠣᠯᠤᠨ ᠰᠡᠷᠭᠦᠵᠡᠶ︔ ᠲᠥᠪᠡᠳ ᠪᠥᠬᠦᠩ ᠬᠡᠳᠦᠬᠡᠨ ᠲᠦᠮᠡ ᠪᠠᠶᠢᠭᠰᠠᠨ ᠠᠴᠠ ᠪᠠᠨ ᠣᠳᠣ 30 ᠭᠠᠷᠤᠶ ᠲᠦᠮᠡ ᠪᠣᠯᠵᠤ ᠰᠡᠷᠭᠦᠵᠡᠶ︔ ᠬᠥᠬᠡᠮᠥ᠋ᠷᠡᠨ ᠤ ᠬᠤᠰᠢᠭᠤᠴᠢ ᠳᠦᠷᠰᠦ ᠪᠣᠯᠬᠤ ᠬᠥᠬᠡᠮᠥ᠋ᠷᠡᠨ ᠤ ᠭᠠᠭ᠋ᠠᠶ ᠬᠠᠯᠢᠮᠤ  ︽ᠬᠡᠷ ᠲᠤ ᠪᠠᠨ ᠬᠠᠷᠢᠵᠤ︾ ᠪᠠᠶᠢᠨ᠎ᠠ ᠁      ᠶᠡᠷᠦᠩᠬᠡᠢ ᠱᠦᠵᠢ ᠶᠢᠨ ᠰᠡᠳᠬᠢᠯ ᠳᠤ᠂ ᠬᠤᠶᠠᠷ ᠭᠤᠣᠯ ᠤᠨ ᠬᠤᠪᠢ ᠶᠢᠨ ᠵᠢᠩ ᠣᠨᠴᠠᠭᠠᠶᠢᠯᠠᠨ ᠬᠦᠨᠳᠦ ᠪᠠᠶᠢᠳᠠᠭ᠃       ᠨᠢᠭᠡ ᠨᠢ ᠬᠥᠬᠡᠮᠥ᠋ᠷᠡᠨ — ︽ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠨ ᠬᠥᠭᠵᠢᠭᠦᠯᠦᠯᠲᠡ ᠶᠢ ᠥᠯᠥ ᠬᠢᠬᠦ︾᠂ ᠡᠨᠡ ᠨᠢ ᠮᠥᠷᠡᠨ ᠳᠠᠭᠠᠤ ᠶᠢᠨ ᠮᠤᠵᠢ ᠬᠤᠲᠠ ᠶᠢᠨ ᠲᠦᠷᠭᠡᠨ ᠢᠶᠠᠷ ᠬᠥᠭᠵᠢᠭᠦᠯᠬᠦ ᠬᠡᠯᠪᠡᠷᠢ ᠳᠤ ᠰᠡᠷᠡᠮᠵᠢ ᠥᠭᠴᠡᠶ᠃ ᠡᠭᠦᠨ ᠤ ᠲᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠬᠥᠬᠡᠮᠥ᠋ᠷᠡᠨ ᠳᠤ ᠤᠯᠠᠨ ᠤᠳᠠᠭ᠎ᠠ ᠰᠢᠨᠵᠢᠯᠡᠨ ᠪᠠᠶᠢᠴᠠᠭᠠᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠨᠢ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠰᠢᠨ᠎ᠡ ᠵᠠᠮ ᠢᠶᠠᠷ ᠵᠠᠮᠨᠠᠬᠤ ᠬᠡᠷᠡᠭᠲᠡᠢ ᠭᠡᠵᠦ ᠳᠤᠷᠠᠳᠪᠠ᠃      ᠨᠥᠭᠦᠭᠡ ᠨᠢᠭᠡ ᠨᠢ ᠬᠠᠲᠤᠨ ᠭᠤᠤᠯ — 2019 ᠣᠨ ᠤ 8 ᠳ᠋ᠤᠭᠠᠷ ᠰᠠᠷ᠎ᠠ ᠠᠴᠠ 2020 ᠣᠨ ᠤ 6 ᠳ᠋ᠤᠭᠠᠷ ᠰᠠᠷ᠎ᠠ ᠪᠣᠯᠲᠠᠯ᠎ᠠ᠂ ᠶᠡᠷᠦᠩᠬᠡᠶ ᠱᠦᠵᠢ ᠰᠢ ᠶᠢᠨ ᠫᠢᠩ ᠤᠷᠢᠳ ᠬᠤᠵᠢᠳ 4 ᠤᠳᠠᠭ᠎ᠠ ᠬᠠᠲᠤᠨ ᠭᠤᠤᠯ ᠢ ᠰᠢᠨᠵᠢᠯᠡᠨ ᠪᠠᠶᠢᠴᠠᠭᠠᠪᠠ᠃ 2019 ᠣᠨ ᠤ 9 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢᠨ ᠲᠤᠬᠠᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠪᠣᠯᠭᠠᠨ ᠳᠡᠭᠡᠭᠰᠢᠯᠡᠭᠦᠯᠵᠡᠢ᠃      ᠣᠳᠣᠬᠠᠨ ᠳᠤ᠂ ᠬᠥᠬᠡᠮᠥ᠋ᠷᠡᠨ ᠤ ᠡᠪᠡᠳᠴᠢᠨ ᠠᠭᠠᠵᠢᠮ ᠢᠶᠠᠷ ᠠᠷᠢᠯᠵᠤ᠂ ᠭᠠᠭ᠋ᠠᠶ ᠬᠠᠯᠢᠮᠤ ᠪᠠᠶᠢᠨ ᠳᠠᠬᠢᠨ ᠢᠯᠡᠷᠡᠨ᠂ ᠵᠢᠭᠠᠰᠤ ᠵᠢᠷᠠᠭᠠᠬᠠᠢ ᠴᠢᠯᠦᠭᠡᠲᠡᠢ ᠱᠤᠮᠪᠠᠵᠠᠭᠠᠨ᠎ᠠ᠃ ᠬᠠᠲᠤᠨ ᠭᠤᠣᠯ ᠳᠠᠭᠠᠤ ᠶᠢᠨ ᠮᠤᠵᠢ ᠣᠷᠣᠨ ᠴᠤ ᠨᠡᠩ ᠴᠢᠨᠠᠷᠯᠢᠭ ᠬᠥᠭᠵᠢᠯᠲᠡ ᠶᠢᠨ ᠵᠠᠮ ᠢᠶᠠᠷ ᠲᠦᠷᠭᠡᠪᠴᠢᠯᠡᠨ ᠠᠯᠬᠤᠵᠤ ᠪᠠᠶᠢᠨ᠎ᠠ᠃      ᠪᠦᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠰᠠᠶᠢᠨ ᠳᠤᠷᠠᠴᠤᠳ ᠬᠥᠳᠡᠭᠡ ᠭᠠᠵᠠᠷ ᠣᠶᠢᠲᠤ ᠣᠷᠣᠨ ᠢᠶᠠᠷ ᠢᠳᠡᠪᠬᠢᠲᠡᠢ ᠠᠵᠢᠯᠯᠠᠵᠤ᠂ ᠠᠮᠢᠳᠤᠷᠠᠯ ᠤᠨ ᠬᠤᠭ ᠢ ᠲᠦᠷᠦᠯ ᠠᠩᠭᠢᠯᠠᠬᠤ ᠨᠢ ᠰᠢᠨ᠎ᠡ ᠰᠤᠷᠲᠠᠯ ᠪᠤᠯᠵᠤ ᠬᠤᠪᠢᠷᠠᠵᠠᠢ ᠁      ᠬᠥᠬᠡᠮᠥ᠋ᠷᠡᠨ ᠤ ᠡᠮᠦᠨ᠎ᠡ ᠤᠮᠠᠷ᠎ᠠ ᠡᠷᠭᠢ ᠳᠤ᠂ ᠬᠥᠮᠦᠰ ᠶᠠᠭ ᠬᠦᠴᠦ ᠬᠥᠯᠥᠰᠥ ᠪᠠᠷ ᠢᠶᠠᠨ ᠬᠠᠮᠲᠤ ᠶᠢᠨ ᠪᠣᠬᠢᠷᠲᠤᠯ ᠦᠭᠡᠢ ᠭᠡᠷ ᠣᠷᠣᠨ ᠢᠶᠠᠨ ᠪᠦᠲᠦᠭᠡᠨ ᠪᠠᠶᠢᠭᠤᠯᠵᠤ ᠪᠠᠶᠢᠨ᠎ᠠ᠃      ᠰᠢᠨ᠎ᠡ ᠬᠠᠭᠤᠳᠠᠰᠤ ᠶᠢ ᠵᠢᠷᠤᠭᠯᠠᠪᠠ — ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠠᠮᠢ ᠠᠬᠤᠢ ᠶᠢᠨ ᠣᠷᠴᠢᠨ ᠲᠣᠭᠤᠷᠢᠨ ᠤ ᠪᠠᠲᠤ ᠰᠠᠭᠤᠷᠢ ᠶᠢ ᠲᠠᠯᠪᠢᠵᠠᠢ      ᠤᠰᠤᠨ ᠤ ᠰᠢᠪᠠᠭᠤᠳ ᠰᠠᠯᠬᠢᠨ ᠤ ᠠᠶ᠎ᠠ ᠪᠠᠷ ᠵᠢᠷᠭᠢᠵᠦ᠂ ᠬᠤᠯᠤᠰᠤ ᠵᠡᠭᠡᠰᠦ ᠪᠠ ᠪᠤᠲᠠ ᠪᠤᠷᠭᠠᠰᠤ ᠢᠭᠴᠤᠷᠠᠨ ᠤᠷᠭᠤᠵᠤ ᠁ ᠥᠩᠭᠡᠷᠡᠭᠰᠡᠨ ᠳᠤ ᠨᠢᠭᠡ ᠦᠶ᠎ᠡ ᠰᠢᠷᠭᠢᠭᠰᠡᠨ ᠬᠥᠯᠥᠨ ᠨᠠᠭᠤᠷ ᠲᠤ᠂ ᠣᠶᠢᠷ᠎ᠠ ᠶᠢᠨ ᠵᠢᠯ ᠤᠳ ᠲᠤ ᠰᠡᠷᠭᠦᠭᠡᠵᠦ ᠵᠠᠰᠠᠬᠤ ᠠᠯᠢ ᠣᠯᠠᠨ ᠲᠥᠷᠥᠯ ᠵᠦᠢᠯ ᠢ ᠬᠡᠷᠡᠭᠵᠢᠭᠦᠯᠬᠦ ᠶᠢ ᠳᠠᠭᠠᠯᠳᠤᠨ᠂ ᠤᠰᠤᠨ ᠤ ᠲᠠᠯᠠᠪᠠᠶ ᠵᠢᠯ ᠳᠠᠷᠠᠭᠠᠯᠠᠨ ᠥᠷᠭᠡᠳᠴᠦ᠂ ᠨᠤᠭᠤ ᠭᠠᠵᠠᠷ ᠤᠨ ᠠᠮᠢ ᠠᠬᠤᠶ ᠠᠯᠬᠤᠮ ᠠᠯᠬᠤᠮ ᠢᠶᠠᠷ ᠰᠡᠷᠭᠦᠵᠦ ᠪᠠᠶᠢᠨ᠎ᠠ᠃      ᠲᠠᠪᠢ ᠭᠠᠷᠤᠭᠰᠠᠨ ᠮᠠᠯᠴᠢᠨ ᠾᠧᠦ ᠢᠦᠢ ᠭᠤᠸᠠᠩ ᠬᠠᠷᠬᠠᠨ ᠪᠠᠭ᠎ᠠ ᠠᠴᠠ ᠪᠠᠨ ᠬᠥᠯᠥᠨ ᠨᠠᠭᠤᠷ ᠤᠨ ᠬᠠᠪᠢ ᠪᠠᠷ ᠠᠮᠢᠳᠤᠷᠠᠭᠰᠠᠭᠠᠷ ᠢᠷᠡᠪᠡ᠃ ᠨᠠᠭᠤᠷ ᠤᠨ ᠤᠰᠤᠨ ᠤ ᠰᠢᠷᠭᠢᠭᠰᠡᠨ ᠪᠠ ᠰᠡᠷᠭᠦᠭᠰᠡᠨ ᠢ ᠲᠡᠷᠡ ᠨᠢᠳᠦ ᠪᠠᠷ ᠢᠶᠠᠨ ᠦᠵᠡᠯ᠎ᠡ᠃      ︽ᠪᠠᠭ᠎ᠠ ᠳᠤ ᠪᠠᠨ ᠭᠡᠷ ᠤᠨ ᠬᠤᠨᠢ ᠮᠠᠯ ᠦᠷᠭᠦᠯᠵᠢ ᠨᠠᠭᠤᠷ ᠤᠨ ᠬᠥᠪᠡᠭᠡᠨ ᠳᠤ ᠤᠰᠤ ᠤᠤᠭᠤᠳᠠᠭ᠃ ᠰᠡᠭᠦᠯ ᠳᠤ ᠨᠢ ᠣᠷᠴᠢᠨ ᠲᠣᠭᠤᠷᠢᠨ ᠮᠠᠭᠤᠳᠠᠵᠤ᠂ ᠨᠠᠭᠤᠷ ᠤᠨ ᠡᠷᠬᠢᠨ ᠲᠣᠭᠤᠷᠢᠨ ᠳᠤ ᠡᠪᠡᠰᠦ ᠴᠦ ᠦᠬᠡᠢ᠂ ᠰᠢᠪᠠᠭᠤ ᠴᠤ ᠦᠬᠡᠢ ᠪᠣᠯᠵᠠᠢ︾᠃ ᠾᠧᠦ ᠢᠦᠢ ᠭᠤᠸᠠᠩ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠤᠳᠤ ᠠᠮᠢ ᠠᠬᠤᠢ ᠰᠠᠶᠢᠵᠢᠷᠠᠵᠤ᠂ ᠡᠯᠡᠰᠦ ᠬᠠᠷᠠᠭᠳᠠᠬᠤ ᠪᠠᠨ ᠪᠤᠯᠢᠵᠤ᠂ ᠤᠰᠤᠨ ᠤ ᠰᠢᠪᠠᠭᠤᠳ ᠪᠣᠯᠤᠨ ᠵᠢᠭᠠᠰᠤ ᠪᠦᠷ ᠬᠠᠷᠢᠵᠤ ᠢᠷᠡᠵᠠᠢ ᠭᠡᠪᠡ᠃      ᠬᠥᠬᠡ ᠠᠭᠤᠯᠠ ᠨᠣᠮᠢᠨ ᠤᠰᠤᠨ ᠤ ᠳᠤᠮᠳᠠ ᠨᠤᠲᠤᠭᠰᠢᠬᠤ ᠪᠣᠯ ᠬᠥᠮᠦᠰ ᠤᠨ ᠬᠠᠮᠲᠤ ᠶᠢᠨ ᠬᠦᠰᠡᠯ ᠮᠥᠨ᠃
6375876509895019319762862.jpg
      ᠡᠨᠡ ᠪᠣᠯ 2019 ᠣᠨ ᠤ 8 ᠳ᠋ᠤᠭᠠᠷ ᠰᠠᠷ᠎ᠠ ᠶᠢᠨ 28 ᠤ ᠡᠳᠦᠷ ᠰᠡᠭᠦᠳᠡᠷᠯᠡᠭᠰᠡᠨ ᠬᠥᠯᠥᠨ ᠨᠠᠭᠤᠷ ᠤᠨ ᠬᠥᠪᠡᠭᠡᠨ ᠳᠠᠬᠢ ᠤᠰᠤᠨ ᠤ ᠰᠢᠪᠠᠭᠤ ᠪᠣᠯᠤᠨ᠎ᠠ  ︵ᠵᠢᠯᠣᠭᠤᠴᠢ ᠥᠬᠡᠶ ᠨᠢᠰᠬᠡᠯ ᠤᠨ ᠰᠡᠭᠦᠳᠡᠷ︶᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠪᠥᠸᠧ ᠬᠠᠨ ᠰᠡᠭᠦᠳᠡᠷᠯᠡᠪᠡ      ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ  ᠰᠠᠶᠢᠵᠢᠷᠠᠪᠠ᠃ ᠡᠭᠦᠨ ᠤ ᠬᠠᠮᠲᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠳᠠᠪᠬᠤᠷ ᠳᠠᠪᠬᠤᠷ ᠥᠷᠢᠰᠥᠯᠳᠦᠭᠡᠨ ᠲᠤᠯᠭᠠᠷᠠᠵᠤ᠂ ᠳᠠᠷᠤᠯᠲᠠ ᠯᠤᠲᠤ ᠶᠡᠭᠡ᠂ ᠵᠥᠷᠢᠴᠡᠯ ᠲᠤᠪᠤᠶᠢᠮ᠎ᠠ ᠪᠠᠶᠢᠵᠤ᠂ ᠪᠠᠰᠠ ᠴᠥᠭᠡᠨ ᠪᠤᠰᠤ ᠪᠡᠷᠬᠡ ᠪᠠᠷᠲᠠᠭ᠎ᠠ ᠶᠢ ᠲᠤᠭᠤᠯᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠬᠠᠭ ᠭᠡᠮ ᠢ ᠵᠠᠰᠠᠬᠤ ᠴᠢᠬᠤᠯᠠᠲᠠᠢ ᠪᠠᠶᠢᠵᠤ᠂ ᠪᠠᠶᠢᠳᠠᠯ ᠮᠥᠨ ᠬᠦ ᠲᠦᠢᠯ ᠤᠨ ᠬᠦᠨᠳᠦ ᠨᠣᠴᠢᠲᠠᠢ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃      ︽ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠰᠠᠶᠢᠵᠢᠷᠠᠭᠤᠯᠬᠤ ᠪᠣᠯ ᠨᠢᠭᠡᠨ ᠤᠷᠲᠤ ᠬᠤᠭᠤᠴᠠᠭ᠎ᠠ ᠪᠠᠷ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠶᠠᠪᠤᠴᠠ ᠮᠥᠨ᠂ ᠨᠢᠭᠡ ᠯᠡ ᠳᠡᠭᠡᠷ᠎ᠡ ᠪᠦᠲᠦᠭᠡᠴᠢᠬᠡᠬᠦ ᠶᠠᠪᠤᠳᠠᠯ ᠪᠢᠰᠢ᠂ ᠡᠷᠬᠡᠪᠰᠢ ᠰᠢᠨᠲᠠᠷᠠᠰᠢ ᠦᠭᠡᠶ ᠴᠢᠷᠮᠠᠶᠢᠵᠤ᠂ ᠥᠭᠡᠳᠡᠯᠡᠨ ᠳᠠᠪᠰᠢᠵᠤ ᠦᠢᠯᠡᠰ ᠪᠦᠲᠦᠭᠡᠬᠦ ᠬᠡᠷᠡᠭᠲᠡᠶ︾ ᠭᠡᠵᠦ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠨ ᠵᠢᠭᠠᠪᠠ᠃      ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠰᠢᠨ᠎ᠡ ᠱᠠᠭᠠᠷᠳᠠᠯᠭ᠎ᠠ ᠳᠤᠷᠠᠳᠴᠠᠢ᠃      — ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠲᠠᠪᠰᠢᠯᠳᠠ ᠶᠢ ᠪᠡᠶᠡᠯᠡᠭᠦᠯᠬᠦ︾ ᠪᠠᠷ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢᠨ ᠨᠢᠭᠡ ᠪᠣᠯᠭᠠᠨ᠎ᠠ︔      — ︽ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠶᠢ ᠥᠷᠭᠡᠨ ᠢᠶᠠᠷ ᠪᠦᠷᠢᠯᠳᠦᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠭᠰᠡᠨ ᠤ ᠳᠠᠷᠠᠭ᠎ᠠ ᠲᠣᠭᠲᠠᠭᠤᠨ ᠢᠶᠠᠷ ᠪᠠᠭᠤᠷᠠᠭᠤᠯᠬᠤ ᠶᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠤ ᠪᠠᠨ ᠪᠡᠶᠡᠯᠡᠭᠦᠯᠬᠦ︾  ᠪᠠᠷ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠬᠦ ᠠᠯᠤᠰ ᠤᠨ ᠬᠠᠷᠠᠯᠲᠠ ᠶᠢᠨ ᠨᠢᠭᠡ ᠪᠣᠯᠭᠠᠨ᠎ᠠ︔      — ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠳᠤ ︽ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠶᠢ ᠠᠬᠢᠭᠤᠯᠬᠤ︾ ᠲᠤᠬᠠᠶ ᠲᠤᠰᠬᠠᠶ ᠰᠡᠳᠦᠪ ᠭᠠᠷᠭᠠᠵᠤ᠂ ᠪᠣᠳᠠᠲᠠᠶ ᠪᠠᠶᠢᠷᠢᠯᠠᠭᠤᠯᠤᠯᠲᠠ ᠪᠠ ᠲᠤᠬᠢᠷᠠᠭᠤᠯᠤᠯᠳᠡ ᠬᠢᠵᠦ᠂ ᠦᠷᠭᠦᠯᠵᠢᠯᠡᠬᠦ᠋ᠢᠴᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠪᠦᠬᠦ ᠲᠠᠯ᠎ᠠ ᠪᠠᠷ ᠬᠤᠪᠢᠷᠠᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠵᠠᠶ᠃      ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠬᠦ ᠪᠠᠷ ᠲᠡᠮᠡᠴᠡᠲᠦᠭᠡᠢ᠃      ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠴᠢᠨᠠᠷᠯᠢᠭ ᠬᠥᠭᠵᠢᠯᠲᠡ ᠶᠢ ᠠᠬᠢᠭᠤᠯᠵᠤ᠂ ᠴᠢᠨᠠᠷᠯᠢᠭ ᠠᠮᠢᠳᠤᠷᠠᠯ ᠢ ᠡᠭᠦᠳᠬᠦ ᠳᠤ᠂ ᠮᠠᠨ ᠤ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠨᠡᠩ ᠬᠠᠲᠠᠭᠤᠵᠢᠯᠲᠠᠢ ᠴᠢᠷᠮᠠᠶᠢᠯᠭ᠎ᠠ ᠱᠠᠭᠠᠷᠳᠠᠭᠳᠠᠵᠤ ᠪᠠᠶᠢᠨ᠎ᠠ᠃
6375876512537206295457725.jpg
      2020 ᠣᠨ ᠤ 8 ᠳ᠋ᠤᠭᠠᠷ ᠰᠠᠷ᠎ᠠ ᠶᠢᠨ 25 ᠤ ᠡᠳᠦᠷ᠂ ᠰᠠᠭᠤᠭᠠᠯᠢ ᠠᠷᠠᠳ ᠠᠮᠢᠳᠤᠷᠠᠯ ᠤᠨ ᠬᠤᠭ ᠢᠶᠠᠨ ᠬᠠᠶᠢᠺᠸᠤ ᠬᠤᠳᠠ ᠶᠢᠨ ᠮᠧᠢ ᠯᠠᠨ ᠲᠣᠭᠤᠷᠢᠭ ᠤᠨ ᠾᠧ ᠫᠢᠩ ᠡᠮᠦᠨ᠎ᠡ ᠵᠡᠭᠡᠯᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠯᠠᠮᠵᠢ ᠶᠢᠨ ᠦᠷᠦᠭᠡ ᠳᠤ ᠬᠦᠷᠭᠡᠵᠦ᠂ ᠬᠤᠭ ᠨᠣᠪᠰᠢ ᠪᠠᠷ ᠢᠶᠠᠨ ᠴᠠᠭᠠᠰᠤᠨ ᠠᠯᠴᠢᠭᠤᠷ᠂ ᠰᠠᠪᠤᠩ ᠵᠡᠷᠭᠡ ᠠᠮᠢᠳᠤᠷᠠᠯ ᠤᠨ ᠬᠡᠷᠡᠭᠰᠡᠯ ᠰᠣᠯᠢᠵᠤ ᠪᠠᠶᠢᠨ᠎ᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠭᠦᠸᠧ ᠴᠧᠩ ᠰᠡᠭᠦᠳᠡᠷᠯᠡᠪᠡ      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠭᠤᠣᠯᠳᠠᠯᠭ᠎ᠠ ᠲᠠᠢ ᠪᠠᠶᠢᠯᠳᠤᠬᠤ ᠪᠤᠳᠤᠯᠭ᠎ᠠ ᠶᠢᠨ ᠴᠢᠭᠯᠡᠯ ᠢᠶᠠᠨ ᠪᠣᠯᠭᠠᠬᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠵᠣᠬᠢᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠭᠡᠬᠦ ᠵᠠᠩᠭᠢᠯᠠᠭ᠎ᠠ ᠶᠢᠨ ᠴᠠᠭ ᠲᠤ ᠤᠷᠤᠬᠰᠠᠨ ᠪᠠᠶᠢᠨ᠎ᠠ᠃      ︽ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠣᠯ ᠨᠢᠭᠡ ᠤᠳᠠᠭ᠎ᠠ ᠶᠢᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠠᠵᠤ ᠠᠬᠤᠢ ᠨᠡᠶᠢᠭᠡᠮ ᠤᠨ ᠰᠢᠰᠲ᠋ᠧᠮᠲᠦ ᠴᠢᠨᠠᠷᠲᠠᠢ ᠬᠤᠪᠢᠰᠤᠯᠲᠠ ᠪᠣᠯᠤᠨ᠎ᠠ᠂ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠲᠡᠮᠦᠷ ᠢ ᠠᠳᠬᠤᠵᠤ ᠤᠷᠤᠮ ᠦᠯᠡᠳᠡᠭᠡᠬᠦ ᠡᠷᠴᠢ ᠵᠣᠷᠢᠭ ᠢᠶᠠᠷ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠪᠠᠭᠤᠷᠠᠭᠤᠯᠬᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ︾ ᠭᠡᠵᠦ ᠡᠨᠡ ᠵᠢᠯ ᠤᠨ 3 ᠳ᠋ᠤᠭᠠᠷ ᠰᠠᠷ᠎ᠠ ᠶᠢᠨ 15 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠶᠢᠰᠦᠳᠦᠭᠡᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠬᠤ ᠳᠤ ᠪᠠᠨ ᠴᠢᠬᠤᠯᠠᠴᠢᠯᠠᠪᠠ᠃      — ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠵᠤ᠂ ᠡᠳ᠋ ᠪᠠᠷᠠᠭ᠎ᠠ ᠶᠢᠨ ᠲᠡᠭᠡᠭᠡᠪᠦᠷᠢ ᠶᠢᠨ ᠪᠦᠲᠦᠴᠡ ᠳᠤ ᠳᠤᠬᠢᠷᠠᠭᠤᠯᠤᠯᠲᠠ ᠬᠢᠬᠦ ᠡᠷᠴᠢᠮ ᠢ ᠴᠢᠩᠭᠠᠷᠠᠭᠤᠯᠵᠤ᠂ ᠪᠠᠷᠢᠯᠭ᠎ᠠ ᠶᠢᠨ ᠬᠦᠷᠢᠶᠡᠨ ᠳᠠᠬᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃      — ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠵᠣᠬᠢᠴᠠᠭᠤᠯᠤᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠶᠢᠷᠡᠭᠦᠯᠵᠦ ᠰᠠᠶᠢᠲᠤᠷ ᠬᠢᠨ᠎ᠠ       — ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠶᠢ ᠢᠳᠡᠪᠬᠢᠲᠡᠢ ᠠᠬᠢᠭᠤᠯᠵᠤ᠂ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠣᠷᠭᠢᠯ ᠬᠡᠮᠵᠢᠭᠳᠡᠯ ᠠᠴᠠ ᠪᠠᠭᠤᠷᠠᠭᠤᠯᠬᠤ ᠠᠵᠢᠯᠯᠠᠭ᠎ᠠ ᠶᠢᠨ ᠲᠥᠰᠦᠯ ᠲᠣᠭᠲᠠᠭᠠᠬᠤ ᠶᠢ ᠠᠬᠢᠭᠤᠯᠤᠨ᠎ᠠ᠃      — ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠷᠦ ᠶᠢᠨ ᠪᠤᠳᠤᠯᠭ᠎ᠠ ᠪᠠ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠬᠠᠤᠯᠢ ᠴᠠᠭᠠᠵᠠ ᠪᠠ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃      — ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠬᠡᠯᠪᠡᠷᠢ ᠶᠢ ᠥᠷᠭᠡᠨ ᠢᠶᠠᠷ ᠪᠤᠶᠢᠵᠢᠭᠤᠯᠵᠤ᠂ ᠪᠦᠬᠦ ᠨᠡᠶᠢᠭᠡᠮ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠬᠠᠮᠰᠠᠷ ᠢ ᠳᠡᠭᠡᠭᠰᠢᠯᠡᠭᠦᠯᠵᠦ᠂ ᠠᠮᠢᠳᠤᠷᠠᠯ ᠤᠨ ᠠᠷᠭ᠎ᠠ ᠬᠡᠯᠪᠡᠷᠢ ᠶᠢᠨ ᠪᠣᠬᠢᠷᠲᠤᠯ ᠦᠭᠡᠢ ᠬᠤᠪᠢᠰᠬᠠᠯ ᠢᠶᠠᠷ ᠳᠠᠮᠵᠢᠭᠤᠯᠵᠤ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠪᠣᠯᠤᠨ ᠬᠠᠩᠭᠠᠯᠭ᠎ᠠ ᠶᠢᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠯᠲᠠ ᠶᠢ ᠬᠡᠳᠡᠷᠬᠦ ᠰᠢᠬᠠᠮᠳᠠᠭᠤᠯᠤᠨ ᠠᠬᠢᠭᠤᠯᠤᠨ᠎ᠠ᠃      ︽ᠪᠢᠳᠡ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢᠨ ᠪᠣᠬᠢᠷᠲᠤᠯ ᠥᠬᠡᠶ ᠬᠡᠯᠪᠡᠷᠢ ᠶᠢᠨ ᠬᠤᠪᠢᠷᠠᠯᠲᠠ ᠪᠠᠷ ᠵᠢᠯᠣᠭᠤᠳᠤᠮᠵᠢ ᠪᠣᠯᠭᠠᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠭᠤᠤᠯ ᠭᠠᠷᠳᠠᠴᠠ ᠪᠣᠯᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ᠂ ᠣᠷᠣᠨ ᠵᠠᠶ ᠶᠢᠨ ᠪᠠᠶᠢᠷᠢᠰᠢᠯ ᠢ ᠲᠦᠷᠭᠡᠳᠬᠡᠨ ᠪᠣᠶ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷᠯᠢᠭ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠨ᠎ᠠ︾ ᠭᠡᠵᠦ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠰᠠᠶᠢᠳ ᠬᠤᠸᠠᠩ ᠷᠦᠨ ᠴᠢᠦ ᠢᠯᠡᠷᠬᠡᠶᠢᠯᠡᠪᠡ᠃      ᠡᠬᠢᠯᠡᠯᠲᠡ ᠶᠢᠨ ᠵᠢᠯ ᠤᠨ ᠠᠵᠢᠯ ᠢᠶᠠᠨ ᠰᠠᠶᠢᠲᠤᠷ ᠡᠬᠢᠯᠡᠭᠦᠯᠬᠦ ᠨᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃       ᠡᠨᠡ ᠵᠢᠯ ᠤᠨ 5 ᠳ᠋ᠤᠭᠠᠷ ᠰᠠᠷ᠎ᠠ ᠶᠢᠨ 21 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠ ᠶᠢᠰᠦᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠳᠤ᠂ ᠪᠣᠬᠢᠷᠲᠤᠯ ᠦᠬᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠯᠪᠡᠷᠢ ᠶᠢ ᠪᠣᠬᠢᠷᠲᠤᠯ ᠦᠬᠡᠢ ᠪᠦᠬᠦ ᠲᠠᠯ᠎ᠠ ᠪᠠᠷ ᠬᠤᠪᠢᠷᠠᠭᠤᠯᠬᠤ ᠶᠢ ᠠᠬᠢᠭᠤᠯᠬᠤ ᠶᠢᠨ ᠲᠣᠭᠤᠷᠢᠨ ᠳᠤ᠂ ᠳᠦᠷᠦᠯ ᠠᠩᠭᠢᠯᠠᠨ ᠨᠥᠬᠦᠪᠥᠷᠢᠯᠡᠬᠦ ᠳᠦᠷᠢᠮ ᠢ ᠲᠡᠭᠦᠯᠳᠡᠷᠵᠢᠭᠦᠯᠵᠦ᠂ ᠨᠥᠬᠦᠪᠥᠷᠢᠯᠡᠬᠦ ᠳᠦᠷᠦ ᠶᠢᠨ ᠪᠤᠳᠤᠯᠭ᠎ᠠ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠯ᠎ᠡ ᠠᠷᠭ᠎ᠠ ᠵᠠᠮ ᠢᠶᠠᠷ ᠨᠥᠬᠦᠪᠥᠷᠢᠯᠡᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠶᠢᠯᠡᠭᠰᠡᠨ ᠴᠢᠨᠠᠷᠲᠠᠢ ᠨᠥᠬᠦᠪᠦᠷᠢ ᠶᠢ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠬᠠᠮᠠᠭᠠᠯᠠᠯᠲᠠ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠨ᠎ᠡ ᠡᠭᠦᠷᠭᠡ ᠠᠴᠠ ᠰᠢᠨ᠎ᠡ ᠬᠠᠷᠢᠭᠤᠴᠠᠯᠭ᠎ᠠ ᠳᠠᠭᠠᠭᠠᠯᠭᠠᠵᠤ᠂ ᠰᠢᠨ᠎ᠡ ᠠᠶᠠᠨ ᠳᠤ ᠰᠢᠨ᠎ᠡ ᠵᠢᠳᠬᠦᠯ ᠢ ᠢᠯᠡᠷᠡᠭᠦᠯᠦᠨ᠎ᠡ᠃       ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠬᠦᠴᠢᠷ ᠢ ᠰᠦᠷᠦᠨ ᠤᠷᠤᠭᠰᠢᠯᠠᠪᠠᠯ᠂ ᠪᠢᠳᠡ ᠯᠠᠪᠳᠠᠶ᠎ᠠ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠤ ᠬᠠᠮᠠᠭᠠᠯᠠᠯᠲᠠ ᠪᠠᠷ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠭᠡᠷᠡᠯ ᠢᠶᠠᠷ ᠤᠷᠤᠭᠰᠢᠯᠠᠬᠤ ᠵᠠᠮ ᠢᠶᠠᠨ ᠭᠡᠶᠢᠭᠦᠯᠵᠦ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ᠋ᠢᠴᠡ ᠬᠥᠭᠵᠢᠯᠲᠡ ᠶᠢ ᠠᠬᠢᠭᠤᠯᠵᠤ ᠴᠢᠳᠠᠨ᠎ᠠ᠃ ︵ᠰᠤᠷᠪᠤᠯᠵᠢᠯᠠᠭᠴᠢ᠄ ᠵᠠᠩ ᠢ ᡁᠢ︶ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ