ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ  ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ  ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/6/9
      6 ᠳ᠋ᠤᠭᠠᠷ ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂  ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠡᠷᠬᠢᠯᠡᠭᠴᠢ ᠹᠦ᠋ ᠯᠸᠢ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠲᠠ ᠳᠤ ᠭᠦᠨᠵᠡᠭᠡᠶᠢᠷᠡᠨ᠂ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠬᠥᠳᠡᠭᠡ ᠲᠣᠰᠬᠤᠨ ᠪᠠ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠣᠣ ᠽᠢ ᠪᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠦᠶᠤᠸᠠᠨ ᠰᠢᠶᠠᠨ ᠤ ᠪᠣᠷᠣᠲᠣᠬᠤᠢ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ᠂ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ  ᠵᠢᠱᠢᠶ᠎ᠡ  ᠦᠵᠡᠭᠦᠯᠬᠦ ᠬᠦᠷᠢᠶᠡᠯᠡᠩ ᠂ ᠯᠢᠨ ᠾᠧ ᠲᠣᠭᠤᠷᠢᠭ ᠤᠨ ᠰᠢᠨ᠎ᠡ ᠰᠣᠷᠭᠤᠭ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ︽  ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠵᠡᠷᠭᠡ ᠭᠠᠵᠠᠷ ᠲᠤ ᠬᠦᠷᠴᠦ᠂ ᠮᠠᠨ ᠤ ᠬᠤᠲᠠ ᠶᠢᠨ ᠠᠵᠤ  ᠦᠢᠯᠡᠰ ᠤᠨ ᠲᠣᠭᠠᠴᠢᠯᠠᠯᠲᠠ᠂ ᠤᠶᠤᠨᠲᠤ ᠲᠠᠷᠢᠶᠠᠯᠠᠩ᠂ ᠲᠣᠭᠠᠴᠢᠯᠠᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠮᠠᠨ ᠤ ᠬᠤᠲᠠ ᠶᠢᠨ ᠬᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠲᠠᠷᠢᠶᠠᠯᠠᠩ ᠤᠨ  ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠪᠣᠷᠣᠯᠠᠭᠤᠯᠭ᠎ᠠ ᠶᠢᠨ ᠡᠯ᠎ᠡ ᠭᠤᠭᠴᠤᠭ᠎ᠠ ᠶᠢ ᠳᠡᠭᠡᠭᠰᠢᠯᠡᠭᠦᠯᠦᠨ ᠥᠭᠡᠷᠡᠴᠢᠯᠡᠵᠦ᠂ ᠲᠠᠷᠢᠶᠠᠯᠠᠩ ᠤᠨ ᠠᠵᠤ  ᠦᠢᠯᠡᠰ ᠤᠨ  ᠦᠢᠯᠡᠳᠪᠦᠷᠢᠯᠡᠯ ᠢ ᠣᠶᠤᠨᠵᠢᠭᠤᠯᠬᠤ᠂ ᠡᠵᠡᠩᠨᠡᠯᠲᠡ ᠶᠢ ᠰᠦᠯᠵᠢᠶᠡᠵᠢᠭᠦᠯᠬᠦ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠥᠯᠭᠢᠨ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ ᠬᠤᠲᠠ ᠶᠢᠨ ᠨᠠᠮ ᠤᠨ ᠬᠤᠷᠢᠶ᠎ᠠ ᠶᠢᠨ  ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ᠂ ᠰᠦᠯᠵᠢᠶᠡᠨ ᠤ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠰᠦᠯᠵᠢᠶᠡᠨ ᠤ ᠠᠭᠤᠯᠭ᠎ᠠ ᠶᠢᠨ ᠠᠮᠤᠷ ᠲᠦᠪᠰᠢᠨ᠂ ᠠᠵᠢᠯᠯᠠᠭᠠᠨ ᠤ ᠠᠮᠤᠷ ᠲᠦᠪᠰᠢᠨ ᠢ  ᠪᠠᠲᠤᠯᠠᠬᠤ ᠬᠡᠷᠡᠭᠲᠡᠢ ᠭᠡᠪᠡ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ