ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ
ᠨᠡᠶᠢᠲᠡᠯᠡᠭᠰᠡᠨ ᠴᠠᠭ᠄
2021/6/9
      ᠨᠢᠭᠡ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ       ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠪᠣᠯ 2019 ᠣᠨ ᠤ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ︵ᠪᠠᠶᠠᠨᠨᠠᠭᠤᠷ ᠬᠤᠲᠠ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠫᠠᠶᠢᠰᠠ ᠶᠢ ᠨᠡᠮᠡᠵᠦ ᠡᠯᠭᠦᠨ᠎ᠡ︶ ᠪᠣᠯᠤᠨ᠎ᠠ᠃ 2019 ᠣᠨ ᠤ 3 ᠰᠠᠷ᠎ᠠ ᠶᠢᠨ 18 ᠤ ᠡᠳᠦᠷ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠵᠢᠩᠬᠢᠨᠢ ᠭᠠᠵᠠᠷ ᠤᠨ ᠲᠠᠰ ᠤᠨ ᠪᠠᠶᠢᠭᠤᠯᠤᠮᠵᠢ ᠶᠢᠨ ᠲᠦᠷᠢᠮ ᠲᠠᠢ ᠪᠣᠯᠪᠠ᠂ ᠳᠣᠲᠣᠭᠠᠳᠤ ᠳᠠᠭᠠᠨ ᠶᠡᠷᠦᠩᠬᠡᠶᠢᠯᠡᠭᠰᠡᠨ ᠰᠠᠯᠠᠭ᠎ᠠ᠂ ᠭᠠᠳᠠᠭᠠᠳᠤ ᠳᠤ ᠭᠠᠷᠴᠤ ᠰᠢᠭᠦᠬᠦ ᠪᠠ ᠫᠠᠰᠫᠣᠷᠲ ᠤᠨ ᠬᠠᠮᠢᠶᠠᠷᠤᠯᠲᠠ ᠶᠢᠨ ᠰᠠᠯᠠᠭ᠎ᠠ᠂ ᠭᠠᠳᠠᠭᠠᠳᠤ ᠳᠤ ᠬᠤᠯᠪᠣᠭᠳᠠᠬᠤ ᠬᠠᠮᠢᠶᠠᠷᠤᠯᠲᠠ ᠶᠢᠨ ᠰᠠᠯᠠᠭ᠎ᠠ᠂ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠵᠡᠷᠭᠡ ᠳᠥᠷᠪᠡᠨ ᠰᠠᠯᠠᠭ᠎ᠠ ᠲᠠᠰᠤᠭ ᠲᠠᠢ᠃ ᠬᠢᠨᠠᠨ ᠲᠣᠭᠲᠠᠭᠠᠭᠰᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 10 ᠬᠥᠮᠦᠨ ᠪᠠᠶᠢᠵᠤ᠂ 1 ᠡᠷᠬᠢᠯᠡᠭᠴᠢ ︵ᠬᠤᠲᠠ ᠶᠢᠨ ᠪᠣᠭᠤᠮᠲᠠ ᠶᠢᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠂ ᠵᠢᠩᠬᠢᠨᠢ ᠭᠠᠵᠠᠷ ᠤᠨ ᠲᠠᠰ ᠤᠨ︶︔ ᠳᠡᠳ᠋ ᠡᠷᠬᠢᠯᠡᠭᠴᠢ 2 ᠬᠥᠮᠦᠨ ︵ᠳᠡᠳ᠋ ᠭᠠᠵᠠᠷ ᠤᠨ ᠲᠡᠰ︶︔ ᠰᠠᠯᠠᠭᠠᠨ ᠤ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 5 ᠬᠥᠮᠦᠨ ︵4 ᠵᠢᠩᠬᠢᠨᠢ 1 ᠳᠡᠳ᠋︶ ᠪᠠᠶᠢᠨ᠎ᠠ᠃       ᠬᠠᠷᠢᠶ᠎ᠠ ᠪᠥᠬᠦᠶ ᠠᠵᠢᠯ  ᠦᠢᠯᠡᠰ ᠤᠨ ᠨᠢᠭᠡᠴᠡ ︵ᠪᠠᠶᠠᠨᠨᠠᠭᠤᠷ ᠬᠤᠲᠠ ᠶᠢᠨ ᠭᠠᠳᠠᠭᠠᠳᠤ ᠶᠠᠪᠤᠳᠠᠯ ᠤᠨ ᠪᠣᠭᠤᠮᠲᠠ ᠶᠢᠨ  ᠦᠢᠯᠡᠴᠢᠯᠡᠭᠡᠨ ᠤ ᠲᠥᠪ︶ ᠶᠢ 1 ᠪᠠᠶᠢᠭᠤᠯᠵᠤ᠂ ᠵᠢᠩᠬᠢᠨᠢ ᠰᠠᠯᠠᠭᠠᠨ ᠤ ᠪᠠᠶᠢᠭᠤᠯᠤᠮᠵᠢ ᠶᠢᠨ ᠲᠦᠷᠢᠮ ᠢ  ᠪᠠᠶᠢᠭᠤᠯᠪᠠ᠃ ᠠᠵᠢᠯ  ᠦᠢᠯᠡᠰ ᠤᠨ ᠣᠷᠣᠨ ᠲᠤᠭ᠎ᠠ ᠶᠢ 6 ᠨᠡᠷᠡᠰ ᠬᠢᠨᠠᠨ  ᠲᠣᠭᠲᠠᠭᠠᠪᠠ᠃ ᠰᠠᠯᠠᠭᠠᠨ ᠤ ᠳᠡᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 1 ᠨᠡᠷ᠎ᠡ᠂ ᠳᠠᠷᠤᠶ ᠡᠷᠬᠢᠯᠡᠭᠴᠢ 1 ᠨᠡᠷ᠎ᠡ ︵ᠵᠢᠩᠬᠢᠨᠢ ᠰᠠᠯᠠᠭᠠᠨ ᠤ ᠳᠡᠰ︶ ᠪᠣᠯᠤᠨ᠎ᠠ᠃       ᠬᠤᠶᠠᠷ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ       1. ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠭᠤᠤᠯ ᠡᠭᠦᠷᠭᠡ ᠬᠠᠷᠢᠭᠤᠴᠠᠯᠭ᠎ᠠ ᠪᠣᠯ ᠨᠠᠮ ᠪᠠ ᠤᠯᠤᠰ ᠤᠨ ᠭᠠᠳᠠᠭᠠᠳᠤ ᠶᠠᠪᠤᠳᠠᠯ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠵᠢᠯ ᠤᠨ ᠲᠤᠬᠠᠶ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠲᠦᠷᠢᠮ ᠪᠠ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠪᠦᠬᠦ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠪᠦᠬᠦ ᠬᠤᠳᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ  ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠬᠡᠷᠡᠭᠵᠢᠭᠦᠯᠬᠦ ᠶᠠᠪᠤᠴᠠ ᠳᠤ ᠭᠠᠷᠤᠭᠰᠠᠨ ᠠᠰᠠᠭᠤᠳᠠᠯ ᠵᠢᠴᠢ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠴᠢᠬᠤᠯᠠ ᠶᠡᠭᠡ ᠬᠡᠷᠡᠭ ᠶᠠᠪᠤᠳᠠᠯ ᠢ  ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠭᠠᠳᠠᠭᠠᠳᠤ ᠲᠠᠢ ᠬᠤᠯᠪᠣᠭᠳᠠᠬᠤ ᠴᠢᠬᠤᠯᠠ ᠶᠡᠭᠡ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠬᠦ ᠪᠠ ᠬᠠᠮᠵᠢᠨ  ᠰᠢᠢᠳᠪᠦᠷᠢᠯᠡᠨ᠎ᠡ︔ ᠭᠠᠳᠠᠭᠠᠳᠤ ᠶᠢᠨ ᠴᠢᠬᠤᠯᠠ ᠵᠣᠴᠢᠳ ᠢ ᠬᠦᠯᠢᠶᠡᠨ ᠠᠪᠴᠤ ᠵᠣᠴᠢᠯᠠᠬᠤ᠂ ᠠᠯᠪᠠᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠴᠤ ᠬᠠᠮᠢᠶᠠᠷᠬᠤ᠂ ᠭᠠᠳᠠᠭᠠᠳᠤ ᠶᠢᠨ ᠬᠥᠮᠦᠨ ᠢ ᠤᠷᠢᠵᠤ ᠠᠶᠢᠯᠴᠢᠯᠠᠭᠤᠯᠬᠤ᠂ ᠪᠦᠬᠦ ᠬᠤᠳᠠ ᠶᠢᠨ ᠭᠠᠳᠠᠭᠠᠳᠤ ᠲᠠᠢ ᠨᠥᠬᠦᠷᠰᠡᠭ ᠬᠤᠳᠠ ︵ᠭᠠᠵᠠᠷ ᠣᠷᠣᠨ︶ ᠪᠠᠶᠢᠭᠤᠯᠬᠤ ᠵᠢᠴᠢ ᠨᠥᠬᠦᠷᠰᠡᠭ ᠦᠨᠳᠦᠰᠦᠨ ᠱᠠᠲᠤᠨ ᠤ ᠨᠢᠭᠡᠴᠢ ᠶᠢᠨ ᠠᠵᠢᠯ ᠢ ᠵᠢᠯᠣᠭᠤᠳᠤᠨ ᠬᠠᠮᠢᠶᠠᠷᠬᠤ᠂ ᠪᠦᠬᠦ ᠬᠤᠳᠠ ᠶᠢᠨ ᠠᠷᠠᠳ ᠤᠨ ᠬᠤᠭᠤᠷᠣᠨᠳᠣᠬᠢ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠠᠵᠢᠯ ᠢ ᠵᠢᠯᠣᠭᠤᠳᠬᠤ︔ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠲᠠᠬᠢ ᠪᠠᠶᠠᠨᠨᠠᠭᠤᠷ ᠬᠤᠲᠠ ᠶᠢᠨ ᠬᠠᠮᠢᠶᠠᠷᠤᠯᠲᠠ ᠶᠢᠨ ᠬᠡᠰᠡᠭ ᠤᠨ ᠬᠢᠯᠢ ᠶᠢᠨ ᠬᠡᠷᠡᠭ ᠶᠠᠪᠤᠳᠠᠯ᠂ ᠬᠢᠯᠢ ᠬᠢᠵᠠᠭᠠᠷ ᠣᠷᠣᠨ᠂ ᠪᠣᠭᠤᠮᠲᠠ ᠶᠢᠨ ᠭᠠᠳᠠᠭᠠᠳᠤ ᠲᠠᠢ ᠬᠤᠯᠪᠣᠭᠳᠠᠬᠤ ᠬᠡᠷᠡᠭ ᠶᠠᠪᠤᠳᠠᠯ ᠢ ᠬᠠᠮᠢᠶᠠᠷᠴᠤ᠂ ᠬᠢᠯᠢ ᠶᠢᠨ ᠬᠠᠮᠠᠭᠠᠯᠠᠯᠲᠠ ᠶᠢᠨ ᠬᠡᠯᠡᠯᠴᠡᠭᠡ᠂ ᠠᠭᠤᠯᠵᠠᠯᠲᠠ ᠶᠢᠨ ᠠᠵᠢᠯ ᠢ ᠵᠢᠯᠣᠭᠤᠳᠬᠤ ᠶᠢᠨ ᠬᠠᠮᠲᠤ ᠲᠡᠭᠦᠨ ᠳᠤ ᠣᠷᠣᠯᠴᠠᠨ᠎ᠠ︔ ᠨᠠᠮ ᠪᠠ ᠤᠯᠤᠰ ᠠᠴᠠ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠵᠢᠯ ᠤᠨ ᠲᠤᠬᠠᠶ ᠴᠢᠭᠯᠡᠯᠲᠡ ᠲᠦᠷᠦ ᠶᠢᠨ ᠪᠤᠳᠤᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ ᠢ ᠵᠣᠬᠢᠴᠠᠭᠤᠯᠤᠨ ᠵᠢᠯᠣᠭᠤᠳᠴᠤ ᠪᠠᠶᠢᠭᠠᠳ ᠰᠢᠶᠠᠩᠭᠠᠩ᠂ ᠣᠣᠮᠧᠨ ᠯᠦᠭᠡ ᠶᠢᠨ ᠠᠵᠤ ᠠᠬᠤᠶ᠂  ᠰᠢᠨᠵᠢᠯᠡᠬᠦ ᠤᠬᠠᠭᠠᠨ᠂ ᠰᠣᠶᠣᠯ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠲᠦᠯᠬᠢᠨ ᠠᠬᠢᠭᠤᠯᠤᠨ᠎ᠠ᠃       2. ᠪᠠᠶᠠᠨᠨᠠᠭᠤᠷ ᠬᠤᠲᠠ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠭᠤᠤᠯ ᠡᠭᠦᠷᠭᠡ ᠬᠠᠷᠢᠭᠤᠴᠠᠯᠭ᠎ᠠ ᠪᠣᠯ ᠲᠥᠪ ᠤᠨ ᠪᠣᠭᠤᠮᠲᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠭᠤᠮᠲᠠ ᠶᠢᠨ ᠠᠵᠢᠯ ᠤᠨ ᠲᠤᠬᠠᠶ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠣᠭᠤᠮᠲᠠ ᠶᠢᠨ ᠠᠵᠢᠯ ᠤᠨ ᠲᠤᠬᠠᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠪᠠ ᠲᠦᠷᠢᠮ ᠢ ᠰᠤᠳᠤᠯᠤᠨ ᠲᠣᠭᠲᠠᠭᠠᠵᠤ᠂ ᠪᠣᠭᠤᠮᠲᠠ ᠶᠢᠨ ᠨᠡᠭᠡᠭᠡᠯᠲᠡ ᠬᠢᠬᠦ᠂ ᠪᠥᠲᠥᠭᠡᠨ ᠪᠠᠶᠢᠭᠤᠯᠬᠤ᠂ ᠠᠵᠢᠯᠯᠠᠭᠤᠯᠬᠤ᠂ ᠬᠠᠭᠠᠬᠤ ᠵᠡᠷᠭᠡ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠠᠬᠢᠭᠤᠯᠬᠤ ᠠᠵᠢᠯ ᠬᠢᠭᠡᠳ ᠵᠠᠮ ᠳᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ ᠪᠣᠭᠤᠮᠲᠠ ᠶᠢᠨ ᠬᠠᠮᠲᠤᠷᠠᠯᠴᠠᠭ᠎ᠠ ᠶᠢᠨ ᠵᠦᠢᠯᠡᠰ ᠢ ᠬᠠᠷᠢᠭᠤᠴᠠᠨ᠂ ᠪᠥᠬᠦ ᠬᠤᠲᠠ ᠶᠢᠨ ᠤᠮᠠᠷᠠᠰᠢ ᠨᠡᠭᠡᠭᠡᠯᠲᠡ ᠬᠢᠬᠦ ᠵᠢᠴᠢ ᠮᠣᠩᠭᠤᠯ ᠤᠯᠤᠰ ᠯᠤᠭ᠎ᠠ ᠶᠢᠨ ᠬᠠᠮᠲᠤᠷᠠᠯᠴᠠᠭ᠎ᠠ ᠶᠢᠨ ᠲᠣᠭᠲᠠᠴᠠ ᠵᠡᠷᠭᠡ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ᠠᠵᠢᠯᠯᠠᠬᠤ ᠬᠠᠶ᠋ᠢᠭ᠄ ᠯᠢᠨ ᠾᠧ ᠲᠣᠭᠤᠷᠢᠭ ᠤᠨ ᠭᠤᠸᠠᠩ ᠮᠢᠩ ᠵᠡᠭᠡᠯᠢ ᠪᠣᠯᠤᠨ ᠶᠢᠨ ᠴᠤᠸᠠᠨ ᠶᠡᠭᠡ ᠵᠠᠮ ᠤᠨ ᠠᠭᠤᠯᠵᠠᠷ  ᠲᠠᠬᠢ ᠬᠥᠭᠵᠢᠯᠲᠡ ᠶᠢᠨ ᠲᠣᠮᠣ ᠠᠰᠠᠷ ᠤᠨ 14 ᠳ᠋ᠦᠭᠡᠷ ᠠᠰᠠᠷ ︵ᠵᠡᠭᠦᠨ︶ ᠬᠠᠷᠢᠯᠴᠠᠬᠤ ᠤᠲᠠᠰᠤ᠄ ᠶᠡᠷᠦᠩᠬᠡᠶᠢᠯᠡᠭᠰᠡᠨ ᠰᠠᠯᠠᠭ᠎ᠠ 0478 — 8918858 ᠢᠮᠧᠯ᠄ bynewsb@126.com            bynekab@sina  . com 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ