ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2021/6/9
      ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ       ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ 7 ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ 4 ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢ ᠬᠠᠷᠢᠶᠠᠯᠠᠭᠤᠯᠪᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ 28 ᠡᠭᠦᠷᠭᠡ ᠴᠢᠳᠠᠪᠤᠷᠢᠲᠤ ᠰᠠᠯᠠᠭ᠎ᠠ ᠲᠠᠰᠤᠭ ᠰᠠᠯᠪᠤᠷᠢ ᠠᠩᠭᠢ ᠭᠠᠷᠭᠠᠵᠤ᠂ 3 ᠲᠣᠪᠴᠢᠶ᠎ᠠ ᠳᠤ ᠬᠠᠷᠢᠶᠠᠯᠠᠭᠳᠠᠬᠤ ᠨᠢᠭᠡᠴᠢ ︵ᠠᠷᠠᠳ ᠤᠨ ᠴᠠᠭᠳᠠᠭ᠎ᠠ ᠶᠢᠨ ᠪᠣᠯᠪᠠᠰᠤᠷᠠᠯ ᠤᠨ ᠰᠠᠯᠪᠤᠷᠢ ᠠᠩᠭᠢ᠂ ᠬᠤᠷᠢᠬᠤ ᠭᠠᠵᠠᠷ / ᠬᠤᠤᠷ ᠲᠠᠲᠠᠬᠤ ᠶᠢ ᠵᠣᠭᠰᠣᠭᠠᠬᠤ ᠭᠠᠵᠠᠷ᠂ ᠲᠦᠷ ᠬᠤᠷᠢᠬᠤ ᠭᠠᠵᠠᠷ︶ ᠶᠢ ᠬᠠᠮᠢᠶᠠᠷᠤᠨ᠎ᠠ︔ ᠲᠣᠮᠢᠯᠠᠭᠰᠠᠨ ᠪᠠᠶᠢᠭᠤᠯᠤᠮᠵᠢ 1 ᠪᠣᠶ᠄ ᠪᠡᠭᠡᠵᠢᠩ ᠳᠤ ᠰᠠᠭᠤᠭ᠎ᠠ ᠴᠠᠭᠳᠠᠭᠠᠨ ᠤ ᠶᠠᠪᠤᠳᠠᠯ ᠤᠨ ᠲᠠᠰᠤᠭ᠃       ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ᠄       ︵ᠨᠢᠭᠡ︶ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠭᠯᠡᠯᠲᠡ᠂ ᠲᠥᠷᠥ ᠶᠢᠨ ᠪᠤᠳᠤᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠭᠯᠡᠯᠲᠡ᠂ ᠲᠥᠷᠥ ᠶᠢᠨ ᠪᠤᠳᠤᠯᠭ᠎ᠠ ᠶᠢ ᠰᠤᠳᠤᠯᠤᠨ ᠲᠤᠭᠤᠷᠪᠢᠵᠤ᠂ ᠪᠥᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠥᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ ᠢ ᠲᠤᠭᠤᠷᠪᠢᠵᠤ᠂ ᠪᠥᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠠᠵᠢᠯ  ᠢ ᠪᠠᠶᠢᠷᠢᠯᠠᠭᠤᠯᠵᠤ᠂ ᠵᠢᠯᠣᠭᠤᠳᠴᠤ᠂ ᠬᠢᠨᠠᠯᠲᠠ ᠲᠠᠯᠪᠢᠵᠤ᠂ ᠪᠠᠶᠢᠴᠠᠭᠠᠨ᠎ᠠ᠃       ︵ᠬᠤᠶᠠᠷ︶ ᠪᠦᠬᠦ ᠬᠤᠳᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ᠂ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠡᠵᠡᠮᠰᠢᠵᠦ᠂ ᠪᠠᠶᠢᠳᠠᠯ ᠢ ᠵᠠᠳᠠᠯᠵᠤ᠂ ᠠᠷᠭᠠᠴᠠᠬᠤ ᠪᠤᠳᠤᠯᠭ᠎ᠠ ᠲᠣᠭᠲᠠᠭᠠᠨ᠎ᠠ᠃       ︵ᠭᠤᠷᠪᠠ︶ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠦᠬᠦ ᠬᠤᠳᠠ ᠶᠢᠨ ᠬᠡᠪᠴᠢᠶᠡᠨ ᠳᠤ ᠬᠦᠨᠳᠦ ᠶᠡᠭᠡ ᠨᠥᠯᠥᠭᠡ ᠲᠠᠢ ᠶᠠᠯᠠᠲᠤ ᠬᠡᠷᠡᠭ ᠢ ᠲᠠᠩᠨᠠᠨ  ᠰᠢᠢᠳᠪᠦᠷᠢᠯᠡᠬᠦ ᠶᠢ ᠬᠠᠷᠢᠭᠤᠴᠠᠵᠤ᠂ ᠪᠦᠬᠦ ᠬᠤᠳᠠ ᠶᠢᠨ ᠬᠦᠨᠳᠦ ᠶᠡᠭᠡ ᠡᠷᠡᠭᠦᠦ ᠶᠢᠨ ᠶᠠᠯᠠᠲᠤ ᠬᠡᠷᠡᠭ᠂ ᠠᠵᠤ ᠠᠬᠤᠶ ᠶᠢᠨ ᠬᠦᠨᠳᠦ ᠶᠡᠭᠡ ᠶᠠᠯᠠᠲᠤ ᠬᠡᠷᠡᠭ ᠪᠠ ᠬᠤᠳᠠ ᠶᠢᠨ ᠳᠣᠲᠣᠷᠠᠬᠢ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠬᠡᠷᠡᠭ ᠢ ᠲᠠᠩᠨᠠᠨ  ᠰᠢᠢᠳᠪᠦᠷᠢᠯᠡᠬᠦ ᠶᠢ ᠵᠣᠬᠢᠴᠠᠭᠤᠯᠤᠨ᠎ᠠ᠃       ︵ᠳᠥᠷᠪᠡ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠵᠢᠭᠠᠨ ᠵᠢᠯᠣᠭᠤᠳᠴᠤ᠂ ᠬᠢᠨᠠᠯᠲᠠ ᠲᠠᠯᠪᠢᠵᠤ᠂ ᠪᠥᠬᠦ ᠬᠤᠲᠠ ᠶᠢᠨ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ᠂ ᠭᠠᠯ ᠰᠡᠷᠭᠡᠶᠢᠯᠡᠬᠦ ᠪᠠ ᠠᠶᠤᠯᠲᠠᠶ ᠬᠢᠮᠢ ᠶᠢᠨ ᠪᠣᠳᠠᠰ ᠤᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ᠂ ᠵᠢᠭᠠᠨ ᠵᠢᠯᠣᠭᠤᠳᠴᠤ᠂ ᠬᠢᠨᠠᠯᠲᠠ ᠲᠠᠯᠪᠢᠨ᠎ᠠ       ︵ᠲᠠᠪᠤ︶ ᠪᠥᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠵᠢᠴᠢ ᠮᠠᠰᠢᠨ ᠲᠡᠷᠭᠡ ︵ᠲᠷᠠᠺᠲ᠋ᠣᠷ ᠪᠠᠭᠲᠠᠬᠤ ᠥᠬᠡᠶ︶᠂ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃       ︵ᠵᠢᠷᠭᠤᠭ᠎ᠠ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠡᠷᠡᠭᠵᠢᠭᠦᠯᠬᠦ ᠶᠢᠨ ᠬᠠᠮᠲᠤ ᠵᠢᠭᠠᠨ ᠵᠢᠯᠣᠭᠤᠳᠴᠤ᠂ ᠬᠢᠨᠠᠯᠲᠠ ᠲᠠᠯᠪᠢᠨ᠎ᠠ᠃       ︵ᠳᠣᠯᠤᠭ᠎ᠠ︶ ᠪᠥᠬᠦ ᠬᠤᠲᠠ ᠶᠢᠨ ᠰᠦᠷᠳᠡᠭᠦᠯᠬᠦ ᠠᠵᠢᠯᠯᠠᠭ᠎ᠠ ᠶᠢ ᠰᠡᠷᠭᠡᠶᠢᠯᠡᠬᠦ᠂ ᠲᠠᠩᠨᠠᠬᠤ᠂ ᠴᠣᠬᠢᠯᠲᠠ ᠥᠭᠬᠦ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠵᠣᠬᠢᠴᠠᠭᠤᠯᠤᠨ᠎ᠠ᠃       ︵ᠨᠠᠢᠮᠠ︶ ᠪᠥᠬᠦ ᠬᠤᠲᠠ ᠶᠢᠨ ᠬᠤᠤᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠬᠠᠷᠢᠭᠤᠴᠠᠨ ᠡᠵᠡᠮᠰᠢᠵᠦ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠤᠷᠲᠤ ᠡᠳ᠋ ᠢ ᠴᠠᠭᠠᠵᠠᠯᠠᠬᠤ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠵᠣᠬᠢᠴᠠᠭᠤᠯᠤᠨ᠎ᠠ᠃       ︵ᠶᠢᠰᠦ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠢᠯᠢ ᠪᠠᠷ ᠣᠷᠣᠵᠤ ᠭᠠᠷᠬᠤ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠪᠠ ᠬᠢᠯᠢ ᠶᠢᠨ ᠬᠠᠮᠠᠭᠠᠯᠠᠯᠲᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃       ︵ᠠᠷᠪᠠ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡᠯᠡᠭᠰᠡᠨ ᠡᠷᠡᠭᠦᠤ  ᠰᠢᠢᠳᠬᠡᠯ  ᠭᠦᠢᠴᠡᠳᠬᠡᠬᠦ ᠠᠵᠢᠯ ᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠬᠢᠨ ᠬᠤᠷᠢᠬᠤ ᠭᠠᠵᠠᠷ᠂ ᠲᠦᠷ ᠬᠤᠷᠢᠬᠤ ᠭᠠᠵᠠᠷ᠂ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠭᠠᠵᠠᠷ᠂ ᠦᠯᠡᠳᠡᠭᠡᠨ ᠠᠪᠴᠤ ᠬᠠᠷᠠᠵᠤ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠲᠥᠪ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠵᠤ᠂ ᠪᠥᠬᠦ ᠬᠤᠲᠠ ᠶᠢᠨ ᠬᠤᠷᠢᠶᠠᠮᠵᠢᠯᠠᠨ ᠵᠠᠰᠠᠨ ᠬᠥᠮᠦᠵᠢᠭᠦᠯᠬᠦ ᠶᠢ ᠬᠢᠨᠠᠨ ᠵᠥᠪᠰᠢᠶᠡᠷᠡᠬᠦ ᠠᠵᠢᠯ ᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠨ᠎ᠠ᠃       ︵ᠠᠷᠪᠠᠨ ᠨᠢᠭᠡ︶ ᠨᠠᠮ ᠪᠠ ᠲᠥᠷᠥ ᠶᠢᠨ ᠬᠤᠯᠪᠣᠭᠳᠠᠯ ᠪᠥᠬᠦᠶ ᠤᠳᠤᠷᠢᠳᠬᠤ ᠬᠥᠮᠦᠨ᠂ ᠭᠠᠳᠠᠭᠠᠳᠤ ᠶᠢᠨ ᠴᠢᠬᠤᠯᠠ ᠵᠣᠴᠢᠳ ᠤᠨ ᠬᠤᠲᠠ ᠶᠢᠨ ᠳᠣᠲᠣᠷᠠᠬᠢ ᠬᠤᠯᠪᠣᠭᠳᠠᠯ ᠪᠥᠬᠦᠶ ᠠᠵᠢᠯᠯᠠᠭ᠎ᠠ ᠶᠢᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠵᠢᠯ ᠢ ᠬᠠᠷᠢᠭᠤᠴᠠᠨ᠎ᠠ᠃       ︵ᠠᠷᠪᠠᠨ ᠬᠤᠶᠠᠷ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠢᠯᠣᠭᠤᠳᠤᠨ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃       ︵ᠠᠷᠪᠠᠨ ᠭᠤᠷᠪᠠ︶ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠶᠡᠷᠦᠩᠬᠡᠶ ᠡᠷᠬᠡ ᠣᠯᠭᠤᠯᠲᠠ ᠶᠢᠨ ᠪᠣᠷᠣ ᠲᠥᠯᠥᠪ ᠤᠨ ᠳᠣᠲᠣᠷ᠎ᠠ᠂ ᠣᠯᠠᠨ ᠤᠯᠤᠰ ᠤᠨ ᠡᠷᠡᠭᠦᠤ ᠶᠢᠨ ᠴᠠᠭᠳᠠᠭ᠎ᠠ ᠶᠢᠨ ᠵᠣᠬᠢᠶᠠᠨ ᠪᠠᠶᠢᠭᠤᠯᠤᠯᠲᠠ᠂ ᠭᠠᠳᠠᠭᠠᠳᠤ ᠶᠢᠨ ᠴᠠᠭᠳᠠᠭ᠎ᠠ ᠶᠢᠨ ᠲᠠᠯ᠎ᠠ ᠵᠢᠴᠢ ᠰᠢᠶᠠᠩᠭᠠᠩ ᠣᠣᠮᠧᠨ ᠲᠠᠶᠢᠸᠠᠨ ᠤ ᠴᠠᠭᠳᠠᠭ᠎ᠠ ᠶᠢᠨ ᠲᠠᠯ᠎ᠠ ᠯᠤᠭ᠎ᠠ ᠶᠢᠨ ᠬᠠᠷᠢᠯᠴᠠᠭ᠎ᠠ ᠪᠠ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠲᠠᠢ ᠬᠤᠯᠪᠣᠭᠳᠠᠬᠤ ᠭᠠᠳᠠᠭᠠᠳᠤ ᠲᠠᠢ ᠬᠤᠯᠪᠣᠭᠳᠠᠬᠤ ᠭᠡᠷ᠎ᠡ ᠪᠠ ᠬᠠᠮᠲᠤᠷᠠᠯᠴᠠᠭᠠᠨ ᠤ ᠬᠡᠯᠡᠯᠴᠡᠭᠡᠷ ᠢ  ᠭᠦᠢᠴᠡᠳᠬᠡᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠠᠯᠤᠰᠯᠠᠭᠰᠠᠨ ︵ᠬᠢᠯᠢ︶ ᠬᠡᠷᠡᠭ ᠢ ᠲᠠᠩᠨᠠᠨ  ᠰᠢᠢᠳᠪᠦᠷᠢᠯᠡᠬᠦ ᠬᠠᠮᠵᠢᠯᠴᠠᠭᠠᠨ ᠤ ᠠᠵᠢᠯ ᠢ ᠡᠭᠦᠷᠭᠡᠯᠡᠨ᠎ᠡ᠃       ︵ᠠᠷᠪᠠᠨ ᠳᠥᠷᠪᠡ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠺᠠᠳ᠋ᠷ ᠢ ᠬᠠᠮᠢᠶᠠᠷᠴᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠦᠷᠢᠮ ᠢ ᠲᠣᠭᠲᠠᠭᠠᠵᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠺᠠᠳ᠋ᠷ ᠲᠤ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠰᠠᠬᠢᠯᠭ᠎ᠠ ᠪᠠᠲᠤ ᠶᠢ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠤᠶᠤ ᠰᠢᠪᠠᠳᠠᠨ ᠰᠢᠢᠳᠪᠦᠷᠢᠯᠡᠵᠦ ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠠ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠵᠢᠯᠣᠭᠤᠳᠤᠨ᠎ᠠ᠃       ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯᠲᠠᠨ ᠤ ᠪᠣᠯᠪᠠᠰᠤᠷᠠᠭᠤᠯᠤᠯ᠂ ᠬᠥᠮᠦᠵᠢᠯ ᠪᠠ ᠤᠬᠠᠭᠤᠯᠭ᠎ᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ ᠬᠡᠷᠡᠭ ︵ᠬᠡᠷᠡᠭ︶ ᠢ ᠭᠥᠯᠢᠶᠡᠨ ᠠᠪᠴᠤ  ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠢᠮᠳᠠᠭᠤᠯᠤᠨ ᠪᠠᠶᠢᠴᠠᠭᠠᠵᠤ ᠵᠢᠯᠣᠭᠤᠳᠤᠨ᠎ᠠ᠃       ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠲᠦᠷᠢᠮ ᠤᠨ ᠪᠠᠶᠢᠭᠤᠯᠤᠯᠲᠠ ᠪᠠ ᠳᠣᠲᠣᠭᠠᠳᠤ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠬᠠᠷᠢᠭᠤᠴᠠᠨ᠎ᠠ᠃       ︵ᠠᠷᠪᠠᠨ ᠲᠠᠪᠤ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠤᠰᠢᠶᠠᠭᠰᠠᠨ ᠪᠤᠰᠤᠳ ᠶᠠᠪᠤᠳᠠᠯ ᠤᠳ ᠢ ᠳᠠᠭᠠᠭᠠᠨ  ᠭᠦᠢᠴᠡᠳᠬᠡᠨ᠎ᠡ᠃       ᠬᠤᠶᠠᠷ᠂ ᠳᠣᠲᠣᠭᠠᠳᠤ ᠪᠠᠶᠢᠭᠤᠯᠤᠮᠵᠢ       ︵ᠨᠢᠭᠡ︶ ᠴᠠᠭᠳᠠᠭᠠᠨ ᠤ ᠶᠠᠪᠤᠳᠠᠯ ᠢ ᠰᠢᠮᠳᠠᠭᠤᠯᠤᠨ ᠪᠠᠶᠢᠴᠠᠭᠠᠬᠤ ᠰᠠᠯᠪᠤᠷᠢ ᠠᠩᠭᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠭᠰᠡᠨ᠂ ᠡᠷᠬᠡ ᠲᠤᠰᠢᠶᠠᠯ ᠢᠶᠠᠨ ᠬᠡᠷᠡᠭᠵᠢᠭᠦᠯᠦᠭᠰᠡᠨ ᠪᠠ ᠰᠠᠬᠢᠯᠭ᠎ᠠ ᠪᠠᠲᠤ ᠶᠢ ᠵᠢᠷᠤᠮᠯᠠᠭᠰᠠᠨ ᠪᠠᠶᠢᠳᠠᠯ ᠢ ᠵᠢᠯᠣᠭᠤᠳᠤᠨ ᠬᠢᠨᠠᠯᠲᠠ ᠲᠠᠯᠪᠢᠵᠤ᠂ ᠣᠯᠠᠨ ᠲᠦᠮᠡᠨ ᠤ ᠬᠠᠮᠢᠶ᠎ᠠ ᠪᠥᠬᠦᠶ ᠢᠯᠡᠴᠢᠯᠡᠨ ᠮᠡᠳᠡᠭᠦᠯᠦᠯᠲᠡ᠂ ᠵᠠᠭᠠᠯᠳᠤᠯᠭ᠎ᠠ ᠪᠠ ᠯᠠᠪᠯᠠᠯᠲᠠ ᠶᠢ ᠭᠥᠯᠢᠶᠡᠨ ᠠᠪᠴᠤ  ᠰᠢᠢᠳᠪᠦᠷᠢᠯᠡᠬᠦ ᠶᠢᠨ ᠬᠠᠮᠲᠤ ᠬᠠᠷᠭᠤᠭᠤᠯᠤᠨ ᠪᠠᠶᠢᠴᠠᠭᠠᠵᠤ ᠬᠠᠷᠢᠭᠤ ᠲᠤᠰᠬᠠᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠢᠴᠢ ᠠᠷᠠᠳ ᠤᠨ ᠴᠠᠭᠳᠠᠭ᠎ᠠ ᠶᠢᠨ ᠵᠦᠶ ᠶᠣᠰᠣᠨ ᠤ ᠬᠠᠤᠯᠢ ᠬᠡᠷᠡᠭᠵᠢᠭᠦᠯᠬᠦ ᠡᠷᠬᠡ ᠠᠰᠢᠭ ᠢ ᠬᠠᠮᠠᠭᠠᠯᠠᠨ᠎ᠠ᠃       ︵ᠬᠤᠶᠠᠷ︶ ᠠᠯᠪᠠᠨ ᠬᠡᠷ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠲᠠᠩᠰᠠ ᠡᠪᠬᠡᠮᠡᠯ᠂ ᠲᠤᠭ᠎ᠠ ᠪᠦᠷᠢᠳᠬᠡᠯ᠂ ᠪᠠᠶᠢᠴᠠᠭᠠᠨ ᠰᠤᠳᠤᠯᠤᠯᠲᠠ ᠵᠢᠴᠢ ᠡᠬᠡ ᠪᠢᠴᠢᠭ ᠲᠤᠭᠤᠷᠪᠢᠬᠤ ᠵᠡᠷᠭᠡ ᠠᠵᠢᠯ ᠢ ᠬᠠᠷᠢᠭᠤᠴᠠᠨ᠎ᠠ᠃       ︵ᠭᠤᠷᠪᠠ︶ ᠤᠯᠤᠰ ᠲᠦ᠋ᠷᠦ ᠶᠢᠨ ᠬᠡᠯᠲᠡᠰ ᠤᠨ ᠠᠵᠢᠯᠳᠠᠨ ᠤ ᠶᠠᠪᠤᠳᠠᠯ ᠤᠨ ᠪᠣᠯᠪᠠᠰᠤᠷᠠᠯ ᠤᠨ ᠰᠠᠯᠠᠭ᠎ᠠ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠲᠣᠪᠴᠢᠶ᠎ᠠ ᠶᠢᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠴᠠᠭᠳᠠᠭ᠎ᠠ ᠶᠢᠨ ᠴᠣᠯᠠ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠴᠠᠭᠳᠠᠭ᠎ᠠ ᠶᠢᠨ ᠴᠣᠯᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠮᠵᠢᠯᠴᠠᠨ ᠬᠠᠮᠢᠶᠠᠷᠬᠤ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠬᠤ ᠶᠢᠨ ᠬᠠᠮᠲᠤ ᠲᠣᠮᠢᠯᠠᠵᠤ ᠪᠠᠭᠤᠯᠭᠠᠬᠤ᠂ ᠰᠠᠨᠠᠯ ᠢᠶᠠᠨ ᠰᠣᠯᠢᠯᠴᠠᠬᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠥᠮᠦᠵᠢᠯ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃       ︵ᠲᠦᠷᠪᠡ︶ ᠤᠯᠤᠰ ᠲᠦᠷᠤ ᠶᠢᠨ ᠬᠡᠯᠲᠡᠰ ᠤᠨ ᠤᠬᠠᠭᠤᠯᠬᠤ ᠰᠠᠯᠠᠭ᠎ᠠ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠦᠵᠡᠯ ᠰᠠᠨᠠᠭ᠎ᠠ ᠤᠯᠤᠰ ᠲᠥᠷᠥ ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠭᠳᠠᠭ᠎ᠠ ᠶᠢᠨ ᠣᠯᠠᠨ ᠨᠡᠶᠢᠲᠡ ᠶᠢᠨ ᠬᠠᠷᠢᠴᠠᠭ᠎ᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠴᠢᠬᠤᠯᠠ ᠶᠡᠭᠡ ᠠᠵᠢᠯᠯᠠᠭ᠎ᠠ᠂ ᠴᠢᠬᠤᠯᠠ ᠶᠡᠭᠡ ᠬᠡᠷᠡᠭ ᠶᠠᠪᠤᠳᠠᠯ ᠢ ᠲᠥᠪᠯᠡᠷᠡᠭᠦᠯᠦᠨ ᠤᠬᠠᠭᠤᠯᠵᠤ ᠮᠡᠳᠡᠭᠡᠯᠡᠬᠦ ᠠᠵᠢᠯ ᠢ ᠥᠷᠨᠢᠭᠦᠯᠦᠨ᠎ᠡ᠃       ︵ᠲᠠᠪᠤ︶ ᠴᠢᠮᠡᠭᠡ ᠮᠡᠳᠡᠭᠡ ᠶᠢᠨ ᠵᠢᠯᠣᠭᠤᠳᠬᠤ ᠲᠥᠪ᠃ ᠴᠢᠬᠤᠯᠠ ᠶᠡᠭᠡ ᠴᠠᠭᠳᠠᠭᠠᠨ ᠤ ᠶᠠᠪᠤᠳᠠᠯ ᠤᠨ ᠠᠵᠢᠯᠯᠠᠭ᠎ᠠ᠂ ᠬᠦᠨᠳᠦ ᠶᠡᠭᠡ ᠭᠡᠨᠡᠳᠲᠡ ᠪᠠᠷ ᠡᠭᠦᠰᠦᠭᠰᠡᠨ ︵ᠬᠡᠷᠡᠭ︶ ᠬᠡᠷᠡᠭ ᠪᠠ ᠠᠮᠤᠷ ᠲᠦᠪᠰᠢᠨ ᠤ ᠬᠦᠨᠳᠦ ᠶᠡᠭᠡ ᠠᠳᠡᠯ ᠤᠨ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠵᠢᠯᠣᠭᠤᠳᠤᠨ ᠵᠣᠬᠢᠴᠠᠭᠤᠯᠵᠤ᠂ ᠨᠡᠶᠢᠭᠡᠮ ᠤᠨ  ᠦᠢᠯᠡᠴᠢᠯᠡᠭᠡᠨ ᠤ ᠬᠠᠮᠲᠤᠷᠠᠭᠰᠠᠨ ᠠᠵᠢᠯᠯᠠᠭ᠎ᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃       ︵ᠵᠢᠷᠭᠤᠭ᠎ᠠ︶ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠢ ᠬᠠᠮᠠᠭᠠᠯᠠᠬᠤ ᠰᠠᠯᠪᠤᠷᠢ ᠠᠩᠭᠢ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠵᠣᠬᠢᠴᠠᠭᠤᠯᠤᠨ᠎ᠠ᠃       ︵ᠲᠤᠯᠤᠭ᠎ᠠ︶ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠪᠤᠷᠢ ᠠᠩᠬᠢ᠃ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠳᠡᠭᠡᠳᠦ ᠱᠠᠲᠤᠨ ᠤ ᠪᠠᠶᠢᠭᠤᠯᠭ᠎ᠠ ᠶᠢᠨ  ᠰᠢᠢᠳᠪᠦᠷᠢᠯᠡᠭᠦᠯᠬᠦ ᠪᠠᠷ ᠲᠤᠰᠢᠶᠠᠭᠰᠠᠨ ᠴᠢᠬᠤᠯᠠ ᠶᠡᠭᠡ ᠠᠵᠤ ᠠᠬᠤᠶ ᠶᠢᠨ ᠶᠠᠯᠠᠲᠤ ᠬᠡᠷᠡᠭ ᠢ ᠳᠠᠭᠠᠭᠠᠨ  ᠰᠢᠢᠳᠪᠦᠷᠢᠯᠡᠵᠦ᠂ ᠪᠦᠬᠦ ᠬᠤᠳᠠ ᠶᠢᠨ ᠠᠵᠤ ᠠᠬᠤᠶ ᠶᠢᠨ ᠶᠠᠯᠠᠲᠤ ᠬᠡᠷᠡᠭ ᠤᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠨ᠂ ᠣᠷᠣᠨ ᠪᠦᠰᠡ ᠠᠯᠤᠰᠯᠠᠭᠰᠠᠨ ᠠᠵᠤ ᠠᠬᠤᠶ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠠᠵᠢᠯ ᠢ ᠬᠠᠮᠵᠢᠨ ᠵᠣᠬᠢᠴᠠᠭᠤᠯᠪᠠ᠃       ︵ᠨᠠᠢᠮᠠ︶ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠠᠯᠪᠤᠷᠢ ᠠᠩᠬᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠲᠥᠯᠥᠪᠵᠢᠭᠦᠯᠦᠨ ᠬᠡᠷᠡᠭᠵᠢᠭᠦᠯᠵᠦ᠂ ᠨᠡᠶᠢᠭᠡᠮ ᠤᠨ ᠠᠮᠤᠷ ᠢ ᠬᠠᠮᠠᠭᠠᠯᠠᠬᠤ ᠡᠮᠬᠢ ᠵᠢᠷᠤᠮ ᠳᠤ ᠬᠤᠤᠷ ᠬᠥᠨᠥᠭᠡᠯ ᠤᠴᠠᠷᠠᠭᠤᠯᠤᠭᠰᠠᠨ ᠴᠢᠬᠤᠯᠠ ᠶᠡᠭᠡ ᠬᠡᠷᠡᠭ ︵ᠬᠡᠷᠡᠭ︶ ᠢ ᠲᠠᠩᠨᠠᠨ ᠰᠢᠢᠳᠪᠦᠷᠢᠯᠡᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠲᠥᠷᠥᠯ᠂ ᠲᠠᠯᠠᠪᠤᠷ ᠭᠠᠵᠠᠷ᠂ ᠠᠶᠤᠯᠲᠠᠶ ᠪᠣᠳᠠᠰ ᠤᠨ ᠬᠠᠮᠢᠶᠠᠷᠤᠯᠲᠠ ᠵᠢᠴᠢ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠲᠣᠮᠣ ᠬᠡᠯᠪᠡᠷᠢ ᠶᠢᠨ ᠠᠵᠢᠯᠯᠠᠭ᠎ᠠ ᠳᠤ ᠬᠤᠯᠪᠣᠭᠳᠠᠭᠰᠠᠨ ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠪᠥᠬᠦ ᠬᠤᠲᠠ ᠶᠢᠨ ᠠᠮᠤᠷ ᠢ ᠬᠠᠮᠠᠭᠠᠯᠠᠬᠤ  ᠦᠢᠯᠡᠴᠢᠯᠡᠭᠡᠨ ᠤ  ᠦᠢᠯᠡᠰ ᠤᠨ ᠬᠠᠮᠢᠶᠠᠷᠤᠯᠲᠠ ᠵᠢᠴᠢ ᠮᠡᠷᠭᠡᠵᠢᠯ ᠤᠨ ᠰᠡᠷᠭᠡᠶᠢᠯᠡᠯᠲᠡ ᠶᠢᠨ ᠬᠡᠷᠡᠭᠯᠡᠭᠡᠨ ᠤ ᠠᠵᠢᠯ ᠢ ᠵᠢᠯᠣᠭᠤᠳᠤᠨ᠎ᠠ᠃       ︵ᠶᠢᠰᠦ︶ ᠦᠨᠳᠦᠰᠦᠨ ᠱᠠᠲᠤᠨ ᠤ ᠰᠠᠭᠤᠷᠢ ᠠᠵᠢᠯ ᠤᠨ ᠰᠠᠯᠠᠭ᠎ᠠ᠃ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠲᠣᠭᠲᠠᠭᠠᠯ ᠢ ᠰᠤᠳᠤᠯᠤᠨ ᠲᠤᠭᠤᠷᠪᠢᠨ ᠲᠣᠭᠲᠠᠭᠠᠵᠤ᠂ ᠬᠡᠷᠡᠭᠵᠢᠭᠦᠯᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠵᠢᠯ ᠪᠠ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃       ︵ᠠᠷᠪᠠ︶ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠰᠠᠯᠪᠤᠷᠢ ᠠᠩᠬᠢ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ᠵᠢᠴᠢ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠡᠭᠦᠦ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠵᠤ ᠬᠡᠷᠡᠭ  ᠰᠢᠢᠳᠪᠦᠷᠢᠯᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ ᠪᠦᠬᠦ ᠬᠤᠳᠠ ᠶᠢᠨ ᠬᠦᠨᠳᠦ ᠶᠡᠭᠡ ᠬᠦᠴᠢᠷ ᠲᠦᠪᠡᠭᠲᠡᠶ ᠡᠷᠡᠭᠦᠦ ᠶᠢᠨ ᠬᠡᠷᠡᠭ ᠤᠨ ᠮᠡᠷᠭᠡᠵᠢᠯ ᠤᠨ ᠳᠡᠮᠵᠢᠯᠭᠡ ᠶᠢ ᠡᠭᠦᠷᠭᠡᠯᠡᠵᠦ᠂ ᠡᠷᠡᠭᠦᠦ ᠶᠢᠨ ᠬᠡᠷᠡᠭ ᠢ ᠬᠠᠮᠵᠢᠨ ᠪᠠᠶᠢᠴᠠᠭᠠᠬᠤ ᠪᠠ ᠲᠤᠰᠬᠠᠶ ᠲᠡᠮᠡᠴᠡᠯ ᠤᠨ ᠴᠢᠬᠤᠯᠠ ᠬᠡᠷᠡᠭᠳᠡᠨ ᠢ ᠨᠡᠬᠡᠮᠵᠢᠯᠡᠨ ᠪᠠᠷᠢᠪᠴᠢᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠨᠳᠦ ᠨᠣᠴᠢᠲᠠᠶ ᠬᠦᠴᠦᠷᠬᠡᠭᠯᠡᠯ᠂ ᠬᠠᠷ᠎ᠠ ᠨᠡᠶᠢᠭᠡᠮ ᠳᠤ ᠬᠤᠯᠪᠣᠭᠳᠠᠭᠰᠠᠨ ᠬᠠᠷᠭᠢᠰ ᠬᠦᠴᠦᠨ ᠳᠤ ᠬᠤᠯᠪᠣᠭᠳᠠᠭᠰᠠᠨ ᠵᠡᠷᠭᠡ ᠬᠦᠨᠳᠦ ᠶᠡᠭᠡ ᠡᠷᠡᠭᠦᠦ ᠶᠢᠨ ᠬᠡᠷᠡᠭ ᠪᠠ ᠳᠡᠭᠡᠳᠦ ᠱᠠᠲᠤᠨ ᠤ ᠪᠠᠶᠢᠭᠤᠯᠭ᠎ᠠ ᠶᠢᠨ ᠲᠤᠰᠢᠶᠠᠭᠰᠠᠨ ᠡᠷᠡᠭᠦᠦ ᠶᠢᠨ ᠬᠡᠷᠡᠭ ᠢ ᠲᠠᠩᠨᠠᠨ ᠰᠢᠢᠳᠪᠦᠷᠢᠯᠡᠵᠦ᠂ ᠪᠦᠬᠦ ᠬᠤᠳᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠰᠠᠭᠤᠷᠢ ᠲᠤᠬᠠᠶᠢᠯᠠᠭᠰᠠᠨ ᠠᠵᠢᠯ ᠢ ᠵᠢᠯᠣᠭᠤᠳᠤᠨ  ᠥᠷᠨᠢᠭᠦᠯᠦᠨ᠎ᠡ᠃       ︵ᠠᠷᠪᠠᠨ ᠨᠢᠭᠡ︶ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠰᠠᠯᠪᠤᠷᠢ ᠠᠩᠭᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠢ ᠲᠣᠭᠲᠠᠭᠠᠬᠤ ᠳᠤ ᠣᠷᠣᠯᠴᠠᠵᠤ᠂ ᠮᠡᠳᠡᠭᠡ ᠵᠠᠩᠭᠢ ᠶᠢᠨ ᠰᠦᠯᠵᠢᠶᠡᠨ ᠤ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠪᠥᠬᠦ ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠶᠢᠨ ᠠᠵᠢᠯ ᠢ ᠬᠢᠨᠠᠨ ᠪᠠᠶᠢᠴᠠᠭᠠᠨ᠎ᠠ᠃      ︵ᠠᠷᠪᠠᠨ ᠬᠤᠶᠠᠷ︶ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠪᠣᠯᠤᠨ ᠵᠠᠰᠠᠮᠠᠯ ᠵᠠᠮ ᠤᠨ ᠠᠮᠤᠷ ᠲᠦᠪᠰᠢᠨ ᠤ ᠡᠮᠬᠢ ᠳᠢᠭᠯᠢᠮ ᠢ ᠬᠠᠮᠠᠭᠠᠯᠠᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠵᠢᠴᠢ ᠵᠠᠮ ᠬᠠᠷᠢᠯᠴᠠᠭᠠᠨ ᠤ ᠠᠳᠡᠯ ᠢ  ᠰᠢᠢᠳᠪᠦᠷᠢᠯᠡᠬᠦ ᠠᠵᠢᠯ ᠢ ᠪᠠᠶᠢᠴᠠᠭᠠᠨ ᠰᠢᠢᠳᠪᠦᠷᠢᠯᠡᠬᠦ ᠶᠢ ᠬᠢᠨᠠᠨ ᠵᠢᠯᠣᠭᠤᠳᠴᠤ᠂ ᠪᠥᠬᠦ ᠬᠤᠲᠠ ᠶᠢᠨ ᠮᠠᠰᠢᠨ ᠲᠡᠷᠭᠡ᠂ ᠵᠢᠯᠣᠭᠤᠴᠢ ᠵᠢᠴᠢ ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠤᠲᠠ ᠶᠢᠨ ᠵᠠᠮ ᠤᠨ ᠪᠥᠲᠥᠭᠡᠨ ᠪᠠᠶᠢᠭᠤᠯᠤᠯᠲᠠ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠶᠢᠨ ᠲᠥᠯᠥᠪᠵᠢᠭᠦᠯᠭᠡ ᠶᠢᠨ ᠠᠵᠢᠯ ᠳᠤ ᠣᠷᠣᠯᠴᠠᠨ ᠵᠢᠯᠣᠭᠤᠳᠴᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ  ᠠᠵᠢᠯ ᠢ ᠵᠢᠯᠣᠭᠤᠳᠤᠨ᠎ᠠ᠃      ︵ᠠᠷᠪᠠᠨ ᠭᠤᠷᠪᠠ︶ ᠰᠦᠷᠳᠡᠭᠦᠯᠦᠯ ᠢ ᠡᠰᠡᠷᠭᠦᠴᠡᠬᠦ ᠰᠠᠯᠪᠤᠷᠢ ᠠᠩᠬᠢ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠶᠢ ᠰᠡᠷᠭᠡᠶᠢᠯᠡᠬᠦ᠂ ᠲᠠᠩᠨᠠᠬᠤ᠂ ᠴᠣᠬᠢᠯᠲᠠ ᠥᠭᠬᠦ ᠬᠤᠯᠪᠣᠭᠳᠠᠯ ᠪᠥᠬᠦᠶ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠵᠣᠬᠢᠴᠠᠭᠤᠯᠤᠨ᠎ᠠ᠃       ︵ᠠᠷᠪᠠᠨ ᠳᠥᠷᠪᠡ︶ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠰᠠᠯᠪᠤᠷᠢ ᠠᠩᠭᠢ᠃ ᠪᠦᠬᠦ ᠬᠤᠳᠠ ᠶᠢᠨ ᠬᠢᠯᠢ ᠶᠢᠨ ᠭᠠᠳᠠᠨᠠᠬᠢ ᠬᠥᠮᠦᠰ ᠪᠠ ᠰᠢᠶᠠᠩᠭᠠᠩ ᠂ ᠣᠣᠮᠧᠨ᠂ ᠲᠠᠶᠢᠸᠠᠨ ᠤ ᠰᠠᠭᠤᠭᠠᠯᠢ ᠠᠷᠠᠳ ᠤᠨ ᠬᠢᠯᠢ ᠪᠠᠷ ᠣᠷᠣᠵᠤ ᠭᠠᠷᠬᠤ ᠠᠵᠢᠯ ᠢ ᠬᠠᠮᠢᠶᠠᠷᠤᠨ ᠲᠡᠭᠦᠨ ᠳᠤ ᠬᠢᠨᠠᠯᠲᠠ ᠲᠠᠯᠪᠢᠵᠤ᠂ ᠬᠢᠯᠢ ᠪᠠᠷ ᠣᠷᠣᠵᠤ ᠭᠠᠷᠬᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃       ︵ᠠᠷᠪᠠᠨ ᠲᠠᠪᠤ︶ ᠬᠤᠷᠢᠭᠤᠯ ᠤᠨ ᠭᠠᠵᠠᠷ ᠤᠨ ᠬᠠᠮᠢᠶᠠᠷᠬᠤ ᠰᠠᠯᠪᠤᠷᠢ ᠠᠩᠬᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠤᠷᠢᠭᠤᠯ ᠤᠨ ᠭᠠᠵᠠᠷ ᠤᠨ ᠬᠠᠮᠢᠶᠠᠷᠤᠯᠲᠠ ᠶᠢᠨ ᠠᠵᠢᠯ ᠤᠨ ᠲᠥᠯᠥᠪᠵᠢᠭᠦᠯᠭᠡ ᠵᠢᠴᠢ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠬᠠᠮᠢᠶᠠᠷᠬᠤ ᠲᠠᠯᠠᠪᠤᠷ ᠤᠨ ᠲᠤᠬᠠᠶᠢᠯᠠᠭᠰᠠᠨ ᠠᠵᠢᠯ ᠵᠢᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠬᠢᠨᠠᠨ ᠬᠠᠮᠢᠶᠠᠷᠬᠤ ᠲᠠᠯᠠᠪᠤᠷ ᠤᠨ ᠬᠢᠨᠠᠨ ᠬᠠᠮᠢᠶᠠᠷᠤᠭᠳᠠᠵᠤ ᠪᠠᠶᠢᠭ᠎ᠠ ᠬᠥᠮᠦᠰ ᠢ ᠬᠥᠮᠦᠵᠢᠭᠦᠯᠦᠨ ᠠᠪᠤᠷᠬᠠᠤ ᠪᠠ ᠠᠮᠢᠳᠤᠷᠠᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ᠎ᠠ᠃       ︵ᠠᠷᠪᠠᠨ ᠵᠢᠷᠭᠤᠭ᠎ᠠ︶ ᠬᠠᠤᠯᠢ ᠲᠦᠷᠢᠮ ᠤᠨ ᠰᠠᠯᠪᠤᠷᠢ ᠠᠩᠭᠢ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠪᠠ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠵᠤ ᠳᠣᠲᠣᠭᠠᠳᠤ ᠶᠢ ᠬᠠᠮᠠᠭᠠᠯᠠᠬᠤ ᠠᠵᠢᠯ ᠳᠤ ᠬᠤᠯᠪᠣᠭᠳᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠵᠦ ᠬᠢᠨᠠᠨ ᠬᠠᠷᠭᠤᠭᠤᠯᠬᠤ ᠳᠤ ᠣᠷᠣᠯᠴᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠰᠢᠢᠳᠪᠦᠷᠢᠯᠡᠭᠰᠡᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠬᠢᠨᠠᠨ ᠬᠠᠷᠭᠤᠭᠤᠯᠤᠯᠲᠠ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠠᠵᠢᠯ ᠢ ᠡᠭᠦᠷᠭᠡᠯᠡᠵᠦ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠤᠯᠪᠣᠭᠳᠠᠬᠤ ᠵᠠᠰᠠᠭ ᠵᠠᠬᠢᠷᠭᠠᠨ ᠤ ᠵᠠᠷᠭᠤ᠂ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠢᠶᠠᠷ ᠲᠠᠬᠢᠨ ᠵᠥᠪᠯᠡᠬᠦ᠂ ᠤᠯᠤᠰ ᠤᠨ ᠲᠥᠯᠥᠪᠦᠷᠢ᠂ ᠡᠷᠡᠭᠦᠦ ᠶᠢᠨ ᠬᠡᠷᠡᠭ ᠢ ᠲᠠᠬᠢᠨ ᠵᠥᠪᠯᠡᠵᠦ ᠲᠠᠬᠢᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃       ︵ᠠᠷᠪᠠᠨ ᠳᠣᠯᠤᠭ᠎ᠠ︶ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠰᠠᠯᠪᠤᠷᠢ ᠠᠩᠭᠢ᠃ ᠬᠤᠲᠠ ᠶᠢᠨ ᠲᠤᠰ ᠱᠠᠲᠤᠨ ᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠳᠦᠷᠢᠮ ᠢ ᠲᠣᠭᠲᠠᠭᠠᠬᠤ ᠪᠠ ᠳᠣᠲᠣᠭᠠᠳᠤ ᠶᠢ ᠬᠠᠮᠠᠭᠠᠯᠠᠬᠤ ᠲᠣᠨᠣᠭᠯᠠᠯ᠂ ᠤᠭᠰᠠᠷᠠᠭᠤᠯᠬᠤ ᠪᠠᠷᠢᠮᠵᠢᠶ᠎ᠠ ᠶᠢ ᠬᠡᠷᠡᠭᠵᠢᠭᠦᠯᠵᠦ᠂ ᠲᠣᠪᠴᠢᠶ᠎ᠠ ᠶᠢᠨ ᠪᠠᠶᠢᠭᠤᠯᠭ᠎ᠠ ᠶᠢᠨ ᠵᠠᠷᠤᠳᠠᠯ ᠤᠨ ᠲᠥᠰᠦᠪ ᠪᠠ ᠲᠥᠰᠦᠪ ᠤᠨ  ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ  ᠭᠦᠢᠴᠡᠳᠬᠡᠬᠦ ᠶᠢ ᠬᠠᠷᠢᠭᠤᠴᠠᠵᠤ᠂ ᠡᠳ᠋ ᠤᠨ ᠶᠠᠪᠤᠳᠠᠯ ᠤᠨ ᠲᠣᠨᠤᠭ ᠲᠥᠬᠦᠭᠡᠷᠦᠮᠵᠢ᠂ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠪᠠ ᠠᠷᠤ ᠲᠠᠯ᠎ᠠ ᠶᠢᠨ  ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠬᠤᠯᠠ ᠶᠡᠭᠡ ᠡᠭᠦᠷᠭᠡ ᠶᠢᠨ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠲᠣᠨᠤᠭ ᠲᠥᠬᠦᠭᠡᠷᠦᠮᠵᠢ᠂ ᠡᠳ᠋ ᠪᠣᠳᠠᠰ ᠤᠨ ᠲᠣᠬᠢᠷᠠᠭᠤᠯᠤᠯᠲᠠ ᠵᠢᠴᠢ ᠬᠤᠲᠠ ᠶᠢᠨ ᠲᠣᠰ ᠱᠠᠲᠤᠨ ᠤ ᠬᠥᠮᠥᠷᠭᠡᠯᠡᠨ ᠬᠠᠳᠠᠭᠠᠯᠠᠬᠤ ᠪᠠ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠬᠡᠷᠡᠭᠵᠢᠭᠦᠯᠦᠨ᠎ᠡ᠃       ︵ᠠᠷᠪᠠᠨ  ᠨᠠᠢᠮᠠ︶ ᠬᠤᠤᠷᠲᠤ ᠡᠳ᠋ ᠢ ᠴᠠᠭᠠᠵᠠᠯᠠᠬᠤ ᠰᠠᠯᠪᠤᠷᠢ ᠠᠩᠭᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠤᠤᠷᠲᠤ ᠡᠳ᠋ ᠢ ᠴᠠᠭᠠᠵᠠᠯᠠᠬᠤ ᠠᠵᠢᠯ ᠢ ᠡᠵᠡᠮᠰᠢᠨ ᠵᠢᠯᠣᠭᠤᠳᠴᠤ᠂ ᠬᠤᠤᠷᠲᠤ ᠡᠳ᠋ ᠤᠨ ᠬᠡᠷᠡᠭ ᠢ ᠲᠠᠩᠨᠠᠨ ᠰᠢᠢᠳᠪᠦᠷᠢᠯᠡᠬᠦ᠂ ᠬᠤᠤᠷᠲᠤ ᠡᠳ᠋ ᠢ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ᠂ ᠨᠡᠶᠢᠭᠡᠮ ᠲᠣᠭᠤᠷᠢᠭ ᠤᠨ ᠬᠤᠤᠷ ᠡᠳ᠋ᠯᠡᠬᠦ ᠶᠢ ᠵᠣᠭᠰᠣᠭᠠᠬᠤ᠂ ᠨᠡᠶᠢᠭᠡᠮ ᠲᠣᠭᠤᠷᠢᠭ ᠤᠨ ᠡᠷᠡᠭᠦᠯᠵᠢᠯ᠂ ᠡᠷᠡᠭᠦᠯᠵᠢᠯ ᠤᠨ ᠲᠠᠯᠠᠪᠤᠷ ᠤᠨ ᠬᠤᠤᠷ ᠡᠳ᠋ᠯᠡᠬᠦ ᠶᠢ ᠵᠣᠭᠰᠣᠭᠠᠬᠤ᠂ ᠬᠤᠤᠷᠲᠤ ᠡᠳ᠋ ᠢ ᠴᠠᠭᠠᠵᠠᠯᠠᠬᠤ ᠤᠷᠢᠳᠴᠢᠯᠠᠨ ᠰᠡᠷᠭᠡᠶᠢᠯᠡᠬᠦ ᠬᠥᠮᠦᠵᠢᠯ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ᠃       ︵ᠠᠷᠪᠠ ᠶᠢᠰᠦ︶ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠰᠠᠯᠪᠤᠷᠢ ᠠᠩᠭᠢ᠄ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ᠂ ᠰᠠᠭᠤᠷᠢ ᠮᠡᠳᠡᠭᠡ ᠵᠠᠩᠭᠢᠵᠢᠯᠲᠠ ᠪᠠ ᠮᠡᠳᠡᠭᠡ ᠵᠠᠩᠭᠢ ᠴᠢᠮᠡᠭᠡ ᠬᠤᠯᠪᠣᠭ᠎ᠠ ᠶᠢᠨ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠵᠢᠴᠢ ᠴᠢᠮᠡᠭᠡ ᠬᠤᠯᠪᠣᠭ᠎ᠠ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠬᠡᠷᠡᠭᠯᠡᠯᠲᠡ ᠵᠡᠷᠭᠡ ᠠᠵᠢᠯ ᠢ ᠵᠢᠯᠣᠭᠤᠳᠤᠨ᠎ᠠ᠃       ︵ᠬᠤᠷᠢ︶ ᠵᠠᠬᠢᠳᠠᠯ ᠰᠤᠷᠪᠤᠯᠵᠢᠯᠠᠭ᠎ᠠ ᠶᠢᠨ ᠭᠠᠵᠠᠷ᠄ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠴᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ  ᠰᠢᠢᠳᠪᠦᠷᠢᠯᠡᠵᠦ᠂ ᠴᠢᠬᠤᠯᠠ ᠶᠡᠭᠡ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠪᠠ ᠪᠠᠶᠢᠴᠠᠭᠠᠨ  ᠰᠢᠢᠳᠪᠦᠷᠢᠯᠡᠵᠦ᠂ ᠳᠡᠭᠡᠳᠦ ᠱᠠᠲᠤᠨ ᠤ ᠪᠠᠶᠢᠭᠤᠯᠭ᠎ᠠ ᠶᠢᠨ ᠲᠤᠰᠢᠶᠠᠨ  ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠳᠠᠭᠠᠭᠠᠨ  ᠰᠢᠢᠳᠪᠦᠷᠢᠯᠡᠨ᠎ᠡ᠃       ︵ᠬᠤᠷᠢᠨ ᠨᠢᠭᠡ︶ ᠢᠳᠡᠭᠡᠨ ᠤ ᠵᠦᠢᠯ ᠡᠮ ᠤᠨ ᠴᠠᠭᠠᠷᠢᠭ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠬᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠪᠠ ᠡᠮ ᠤᠨ ᠵᠦᠢᠯ ᠪᠠ ᠣᠷᠴᠢᠨ ᠠᠬᠤᠶ ᠶᠢᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ᠂ ᠲᠡᠭᠦᠨ ᠳᠤ ᠴᠣᠬᠢᠯᠲᠠ ᠥᠭᠬᠦ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠢᠳᠡᠭᠡᠨ ᠪᠠ ᠡᠮ ᠤᠨ ᠵᠦᠢᠯ ᠪᠠ ᠣᠷᠴᠢᠨ ᠠᠬᠤᠶ ᠶᠢᠨ ᠬᠦᠷᠢᠶᠡᠨ ᠳᠠᠬᠢ ᠶᠠᠯᠠᠲᠤ ᠬᠡᠷᠡᠭ ᠢ ᠲᠠᠩᠨᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠵᠢᠯᠣᠭᠤᠳᠤᠨ᠎ᠠ᠃       ︵ᠬᠤᠷᠢᠨ ᠬᠤᠶᠠᠷ︶ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠤᠨ ᠲᠣᠪᠴᠢᠶ᠎ᠠ ᠶᠢᠨ  ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠡ ᠶᠢᠨ ᠢᠶᠠᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ ᠢ ᠵᠢᠯᠣᠭᠤᠳᠤᠨ᠎ᠠ᠃      ᠭᠤᠷᠪᠠ᠂ ᠠᠵᠢᠯᠲᠠᠨ ᠤ ᠣᠷᠣᠨ ᠲᠤᠭ᠎ᠠ       ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 230 ᠬᠥᠮᠦᠨ᠃ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠺᠠᠶ ᠶᠤᠸᠠᠨ ᠵᠡᠭᠦᠨ ᠵᠠᠮ ᠤᠨ ᠳᠤᠮᠳᠠ ᠬᠡᠰᠡᠭ ᠠᠯᠪᠠᠨ ᠤᠲᠠᠰᠤ᠄ 0478 — 8967702 ᠢᠮᠧᠯ᠄ 2855354129@qq.com ᠡᠭᠦᠳᠡ ᠡᠷᠦᠬᠡ ᠶᠢᠨ ᠰᠦᠯᠵᠢᠶᠡᠨ ᠤ ᠬᠠᠶ᠋ᠢᠭ᠄ http://gaj.bynr.gov.cn/http://gaj.bynr.gov.cn/ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ