︽ᠵᠠᠰᠠᠭ ᠤᠨ ᠣᠷᠳᠣᠨ ᠤ ᠭᠠᠭ᠋ᠠᠶ ᠶᠢᠨ ᠮᠢᠬ᠎ᠠ ᠨᠥᠭᠡᠴᠡᠯᠡᠵᠦ ᠳᠣᠭᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠭᠠᠭ᠋ᠠᠶ ᠶᠢᠨ ᠮᠢᠬᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠥᠰᠦᠯ︾ ᠰᠤᠷᠪᠤᠯᠵᠢᠯᠠᠭᠴᠢ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/7/12
      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠨᠢ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠵᠠᠰᠠᠭ ᠤᠨ ᠣᠷᠳᠣᠨ ᠤ ᠭᠠᠭ᠋ᠠᠶ ᠶᠢᠨ ᠮᠢᠬ᠎ᠠ ᠨᠥᠭᠡᠴᠡᠯᠡᠵᠦ ᠳᠣᠭᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠭ᠋ᠠᠶ ᠶᠢᠨ ᠮᠢᠬ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠭᠦᠨ ᠤ ᠲᠤᠬᠠᠶ ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠰᠤᠷᠪᠤᠯᠵᠢᠯᠠᠪᠠ᠃      ᠨᠢᠭᠡ᠂ ᠶᠠᠭᠤᠨ ᠤ ᠤᠴᠢᠷ ᠠᠴᠠ ︽ᠪᠡᠯᠡᠳᠬᠡᠯ ᠲᠥᠰᠦᠯ︾ ᠢ ᠲᠣᠭᠲᠠᠭᠠᠵᠤ ᠨᠡᠶᠢᠲᠡᠯᠡᠬᠦ ᠬᠡᠷᠡᠭᠲᠡᠶ ᠪᠤᠢ︖       ᠭᠠᠭ᠋ᠠᠶ ᠶᠢᠨ ᠮᠢᠬ᠎ᠠ ᠪᠣᠯ ᠮᠠᠨ ᠤ ᠤᠯᠤᠰ ᠤᠨ ᠰᠠᠭᠤᠭᠠᠯᠢ ᠠᠷᠠᠳ ᠤᠨ ᠬᠠᠮᠤᠭ ᠤᠨ ᠭᠤᠣᠯ ᠪᠣᠯᠬᠤ ᠮᠢᠬᠠᠨ ᠢᠳᠡᠭᠡᠨ ᠪᠠ ᠠᠮᠢᠲᠠᠨ ᠤ ᠤᠭᠤᠷᠠᠭ ᠡᠳ᠋ᠯᠡᠬᠦ ᠶᠢᠨ ᠢᠷᠡᠯᠲᠡ ᠮᠥᠨ᠂ ᠭᠠᠭ᠋ᠠᠶ ᠶᠢᠨ ᠮᠢᠬᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠬᠤ ᠨᠢ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ 2009 ᠣᠨ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠠᠮᠢᠳᠤ ᠭᠠᠭ᠋ᠠᠶ ᠶᠢᠨ ᠦᠨ᠎ᠡ ᠬᠡᠲᠦᠷᠬᠡᠶ ᠪᠠᠭᠤᠷᠠᠬᠤ ᠶᠢ ᠰᠡᠷᠭᠡᠶᠢᠯᠡᠬᠦ ᠲᠤᠬᠢᠷᠠᠭᠤᠯᠤᠯ ᠡᠵᠡᠮᠳᠡᠯ ᠤᠨ ᠲᠥᠰᠦᠯ ︵ᠲᠦᠷ ᠬᠡᠷᠡᠭᠵᠢᠭᠦᠯᠬᠦ︶︾ ᠢ ᠨᠡᠶᠢᠲᠡᠯᠡᠵᠦ᠂ ᠵᠠᠰᠠᠭ ᠤᠨ ᠣᠷᠳᠣᠨ ᠤ ᠭᠠᠭ᠋ᠠᠶ ᠶᠢᠨ ᠮᠢᠬ᠎ᠠ ᠨᠥᠭᠡᠴᠡᠯᠡᠵᠦ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ 2012 ᠣᠨ ᠪᠠ 2015 ᠣᠨ ᠳᠤ ᠬᠤᠶᠠᠷ ᠤᠳᠠᠭ᠎ᠠ ᠵᠠᠰᠠᠪᠤᠷᠢ ᠣᠷᠣᠭᠤᠯᠤᠭᠠᠳ᠂ ︽ᠠᠮᠢᠳᠤ ᠭᠠᠭ᠋ᠠᠶ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠦᠶᠡᠯᠡᠯ ᠤᠨ ᠴᠢᠨᠠᠷᠲᠠᠶ ᠬᠡᠯᠪᠡᠯᠵᠡᠯ ᠢ ᠨᠠᠮᠳᠠᠭᠤᠯᠬᠤ ᠲᠤᠬᠢᠷᠠᠭᠤᠯᠤᠯ ᠡᠵᠡᠮᠳᠡᠯ ᠤᠨ ᠲᠥᠰᠦᠯ︾ ᠢ ᠪᠤᠢ ᠪᠣᠯᠭᠠᠪᠠ᠃ ᠬᠤᠯᠪᠣᠭᠳᠠᠯ ᠪᠦᠬᠦᠢ ᠪᠡᠯᠡᠳᠬᠡᠯ ᠲᠥᠰᠦᠯ ᠨᠢ ᠠᠮᠢᠳᠤ ᠭᠠᠭ᠋ᠠᠶ ᠶᠢᠨ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠠᠬᠢᠭᠤᠯᠬᠤ᠂ ᠦᠨ᠎ᠡ ᠬᠠᠩᠰᠢ ᠶᠢᠨ ᠦᠶᠡᠯᠡᠯ ᠤᠨ ᠴᠢᠨᠠᠷᠲᠠᠶ ᠬᠡᠯᠪᠡᠯᠵᠡᠯ ᠢ ᠨᠠᠮᠳᠠᠭᠤᠯᠬᠤ᠂ ᠰᠠᠭᠤᠭᠠᠯᠢ ᠠᠷᠠᠳ ᠤᠨ ᠭᠠᠭ᠋ᠠᠶ ᠶᠢᠨ ᠮᠢᠬᠠᠨ ᠤ ᠬᠡᠷᠡᠭᠯᠡᠭᠡ ᠶᠢᠨ ᠬᠡᠷᠡᠭᠴᠡᠭᠡ ᠶᠢ ᠪᠠᠲᠤᠯᠠᠬᠤ ᠳᠤ ᠢᠳᠡᠪᠬᠢᠲᠡᠶ ᠦᠢᠯᠡᠳᠦᠯ ᠦᠵᠡᠭᠦᠯᠦᠭᠰᠡᠨ ᠪᠥᠭᠡᠳ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠳᠤ ᠴᠦ ᠲᠤᠷᠰᠢᠯᠭ᠎ᠠ ᠬᠤᠷᠠᠮᠳᠤᠭᠤᠯᠵᠠᠶ᠃       2018 ᠣᠨ ᠳᠤ ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠭᠠᠭ᠋ᠠᠶ ᠶᠢᠨ ᠦᠢᠯᠡᠳᠪᠦᠷᠢᠯᠡᠯ ᠪᠠ ᠭᠠᠭ᠋ᠠᠶ ᠶᠢᠨ ᠮᠢᠬᠠᠨ ᠤ ᠵᠠᠬ᠎ᠠ ᠳᠡᠯᠭᠡᠭᠦᠷ ᠤᠷᠢᠳ ᠡᠮᠦᠨ᠎ᠡ ᠪᠠᠶᠢᠭ᠎ᠠ ᠥᠬᠡᠶ ᠨᠥᠯᠥᠭᠡᠯᠡᠭᠳᠡᠵᠦ᠂ ᠵᠠᠰᠠᠭ ᠤᠨ ᠣᠷᠳᠣᠨ ᠤ ᠭᠠᠭ᠋ᠠᠶ ᠶᠢᠨ ᠮᠢᠬᠠᠨ ᠤ ᠨᠥᠭᠡᠴᠡᠯᠡᠵᠦ ᠳᠣᠭᠢᠷᠠᠭᠤᠯᠬᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ ᠬᠤᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠡᠪ ᠤᠨ ᠵᠤᠷᠰᠢᠯ ᠢ ᠲᠦᠷᠭᠡᠨ ᠡᠪᠳᠡᠵᠦ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂ ᠬᠢᠨᠠᠨ ᠬᠡᠮᠵᠢᠬᠦ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠵᠤ᠂ ᠭᠠᠭ᠋ᠠᠶ ᠶᠢᠨ ᠮᠢᠬ᠎ᠠ ᠪᠠ ᠭᠠᠭ᠋ᠠᠶ ᠶᠢᠨ ᠮᠢᠬ᠎ᠠ ᠶᠢᠨ ᠦᠨ᠎ᠡ ᠬᠠᠩᠰᠢ ᠥᠰᠬᠦ ᠲᠦᠭᠰᠢᠭᠦᠷᠢ ᠶᠢ ᠴᠠᠭ ᠲᠤᠬᠠᠶ ᠳᠤᠨᠢ ᠰᠡᠷᠡᠮᠵᠢᠯᠡᠭᠦᠯᠵᠦ᠂ ᠰᠠᠯᠠᠭ᠎ᠠ ᠮᠥᠴᠢᠷ ᠤᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠵᠠᠰᠠᠭ ᠤᠨ ᠣᠷᠳᠣᠨ ᠤ ᠭᠠᠭ᠋ᠠᠶ ᠶᠢᠨ ᠮᠢᠬ᠎ᠠ ᠶᠢ ᠨᠥᠭᠡᠴᠡᠯᠡᠵᠦ ᠬᠠᠳᠠᠭᠠᠯᠠᠬᠤ ᠪᠠ ᠲᠠᠷᠬᠠᠭᠠᠬᠤ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠭᠠᠭ᠋ᠠᠶ ᠶᠢᠨ ᠮᠢᠬ᠎ᠠ ᠶᠢᠨ ᠦᠨ᠎ᠡ ᠶᠢ ᠬᠠᠷᠢᠴᠠᠩᠭᠤᠶ ᠪᠠᠷ ᠥᠨᠳᠥᠷ ᠪᠠᠶᠢᠷᠢᠨ ᠳᠤ ᠦᠨᠳᠦᠰᠦᠨ ᠳᠡᠭᠡᠨ ᠲᠣᠭᠲᠠᠭᠤᠨ ᠢᠶᠠᠷ ᠠᠵᠢᠯᠯᠠᠭᠤᠯᠬᠤ ᠶᠢ ᠠᠬᠢᠭᠤᠯᠵᠤ᠂ ᠴᠢᠬᠤᠯᠠ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠰᠠᠭᠤᠭᠠᠯᠢ ᠠᠷᠠᠳ ᠤᠨ ᠭᠠᠭ᠋ᠠᠶ ᠶᠢᠨ ᠮᠢᠬ᠎ᠠ ᠶᠢᠨ ᠬᠡᠷᠡᠭᠯᠡᠭᠡᠨ ᠤ ᠦᠨᠳᠦᠰᠦᠨ ᠬᠡᠷᠡᠭᠴᠡᠭᠡ ᠶᠢ ᠪᠠᠲᠤᠯᠠᠪᠠ᠃       ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠳᠤ ︽ᠠᠮᠤ ᠪᠤᠳᠠᠭ᠎ᠠ᠂ ᠬᠥᠪᠥᠩ᠂ ᠲᠤᠰᠤ᠂ ᠰᠢᠬᠢᠷ᠂ ᠮᠢᠬ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠠᠶᠤᠯᠭᠦᠶ ᠶᠢ ᠪᠠᠲᠤᠯᠠᠵᠤ᠂ ᠬᠤᠳᠠᠯᠳᠤᠨ ᠠᠪᠴᠤ ᠨᠥᠭᠡᠴᠡᠯᠡᠬᠦ ᠶᠢ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︾ ᠭᠡᠵᠦ ᠲᠣᠳᠣᠷᠬᠠᠶ ᠳᠤᠷᠠᠳᠤᠨ ᠭᠠᠷᠭᠠᠵᠠᠶ᠃ ᠭᠠᠭ᠋ᠠᠶ ᠶᠢᠨ ᠵᠠᠬ᠎ᠠ ᠳᠡᠯᠭᠡᠭᠦᠷ ᠤᠨ ᠰᠢᠨ᠎ᠡ ᠪᠠᠶᠢᠳᠠᠯ ᠰᠢᠨ᠎ᠡ ᠬᠤᠪᠢᠷᠠᠯᠲᠠ ᠳᠤ ᠨᠠᠩ ᠰᠠᠶᠢᠨ ᠵᠣᠬᠢᠴᠠᠬᠤ ᠪᠠ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠶᠢᠨ ᠲᠥᠯᠥᠭᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠠᠷᠢᠨ ᠬᠢᠨᠠᠮᠠᠭᠠᠶ ᠰᠤᠳᠤᠯᠵᠤ᠂ ᠲᠣᠰ ᠡᠭᠡᠯᠵᠢ ᠶᠢᠨ ᠵᠠᠰᠠᠭ ᠤᠨ ᠣᠷᠳᠣᠨ ᠤ ᠭᠠᠭ᠋ᠠᠶ ᠶᠢᠨ ᠮᠢᠬ᠎ᠠ ᠶᠢᠨ ᠨᠥᠭᠡᠴᠡ ᠶᠢᠨ ᠲᠣᠬᠢᠷᠠᠭᠤᠯᠤᠯᠲᠠ ᠶᠢᠨ ᠳᠤᠮᠳᠠᠬᠢ ᠲᠤᠷᠰᠢᠯᠭ᠎ᠠ ᠪᠠ ᠠᠷᠭ᠎ᠠ ᠬᠢᠳᠡᠯ ᠢ ᠲᠤᠭᠳᠠᠴᠠᠵᠢᠭᠤᠯᠤᠨ ᠳᠦᠷᠢᠮᠵᠢᠭᠦᠯᠵᠦ᠂ ᠲᠣᠰ ︽ᠪᠡᠯᠡᠳᠬᠡᠯ ᠲᠥᠰᠦᠯ︾ ᠢ ᠲᠣᠭᠲᠠᠭᠠᠨ ᠨᠡᠶᠢᠲᠡᠯᠡᠪᠡ᠃  ᠬᠤᠶᠠᠷ᠂ ︽ᠪᠡᠯᠡᠳᠬᠡᠯ ᠲᠥᠰᠦᠯ︾ ᠢ 2015 ᠣᠨ ᠳᠤ ᠨᠡᠶᠢᠲᠡᠯᠡᠭᠰᠡᠨ ︽ᠠᠮᠢᠳᠤ ᠭᠠᠭ᠋ᠠᠶ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠦᠶᠡᠯᠡᠯ ᠤᠨ ᠴᠢᠨᠠᠷᠲᠠᠶ ᠬᠡᠯᠪᠡᠯᠵᠡᠯ ᠢ ᠨᠠᠮᠳᠠᠭᠤᠯᠬᠤ ᠲᠣᠬᠢᠷᠠᠭᠤᠯᠤᠯ ᠡᠵᠡᠮᠳᠡᠯ ᠤᠨ ᠲᠥᠰᠦᠯ︾ ᠲᠠᠢ ᠬᠠᠷᠢᠴᠠᠭᠤᠯᠪᠠᠯ᠂ ᠶᠠᠮᠠᠷ ᠶᠠᠮᠠᠷ ᠭᠤᠣᠯ ᠠᠳᠠᠯᠢ ᠪᠤᠰᠤ ᠲᠠᠯ᠎ᠠ ᠪᠠᠶᠢᠬᠤ ᠪᠤᠶ ︖      2015 ᠣᠨ ᠤ ᠪᠡᠯᠡᠳᠬᠡᠯ ᠲᠥᠰᠦᠯ ᠲᠠᠢ ᠬᠠᠷᠢᠴᠠᠭᠤᠯᠪᠠᠯ᠂ ᠲᠣᠰ ︽ᠪᠡᠯᠡᠳᠬᠡᠯ ᠲᠥᠰᠦᠯ︾ ᠳᠤ ᠤᠷᠢᠳᠴᠢᠯᠠᠨ ᠰᠡᠷᠡᠮᠵᠢᠯᠡᠭᠦᠯᠬᠦ  ᠭᠦᠢᠴᠡᠳᠬᠡᠯ ᠲᠤᠭ᠎ᠠ ᠪᠠ ᠣᠷᠣᠨ ᠵᠠᠶ᠂ ᠨᠥᠭᠡᠴᠡᠯᠡᠯᠲᠡ ᠶᠢᠨ ᠠᠩᠭᠢᠯᠠᠯ ᠪᠠ ᠬᠡᠪᠴᠢᠶ᠎ᠡ᠂ ᠨᠥᠭᠡᠴᠡᠯᠡᠵᠦ ᠳᠣᠭᠢᠷᠠᠭᠤᠯᠬᠤ ᠲᠣᠭᠲᠠᠴᠠ ᠵᠡᠷᠭᠡ ᠭᠤᠤᠯ ᠠᠭᠤᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃       ᠨᠢᠭᠡ ᠳᠤ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠤᠭ᠎ᠠ ᠶᠢ ᠪᠠᠶᠠᠯᠢᠭᠵᠢᠭᠤᠯᠤᠨ᠎ᠠ᠃ ︽ᠭᠠᠭ᠋ᠠᠶ ᠲᠡᠵᠢᠭᠡᠬᠦ ᠠᠮᠤ ᠪᠤᠳᠠᠭᠠᠨ ᠤ ᠠᠳᠠᠯᠢᠳᠬᠠᠯ ᠦᠨ᠎ᠡ︾ ᠶᠢᠨ  ᠭᠦᠢᠴᠡᠳᠬᠡᠯ ᠲᠤᠭ᠎ᠠ ᠪᠣᠯ ᠭᠠᠭ᠋ᠠᠶ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠤᠨ ᠠᠰᠢᠭ ᠣᠷᠣᠯᠭ᠎ᠠ ᠶᠢᠨ ᠬᠠᠷᠢᠴᠠᠯ ᠤᠨ ᠬᠠᠷᠢᠴᠠᠭ᠎ᠠ ᠶᠢ ᠰᠢᠭᠤᠳ ᠲᠤᠰᠬᠠᠬᠤ ᠴᠢᠬᠤᠯᠠ  ᠭᠦᠢᠴᠡᠳᠬᠡᠯ ᠲᠤᠭ᠎ᠠ ᠮᠥᠨ᠂ ᠭᠠᠭ᠋ᠠᠶ ᠲᠡᠵᠢᠭᠡᠨ ᠦᠷᠡᠵᠢᠭᠦᠯᠬᠦ  ᠦᠢᠯᠡᠰ ᠤᠨ ᠠᠩᠬᠠᠷᠤᠯ ᠢ ᠥᠷᠭᠡᠨ ᠢᠶᠠᠷ ᠲᠠᠲᠠᠵᠤ᠂ ︽ᠪᠡᠯᠡᠳᠬᠡᠯ ᠲᠥᠰᠦᠯ︾ ᠳᠤ ᠡᠨᠡ ᠬᠦ  ᠭᠦᠢᠴᠡᠳᠬᠡᠯ ᠲᠤᠭ᠎ᠠ ᠶᠢ ᠦᠷᠭᠦᠯᠵᠢᠯᠡᠨ ᠬᠡᠷᠡᠭᠯᠡᠪᠡ᠃ ᠡᠭᠦᠨ ᠤ ᠵᠡᠷᠭᠡᠴᠡᠭᠡᠪᠡᠷ᠂ ︽ᠪᠡᠯᠡᠳᠬᠡᠯ ᠲᠥᠰᠦᠯ︾ ᠳᠤ ᠬᠤᠶᠠᠷ ᠭᠦᠢᠴᠡᠳᠬᠡᠬᠦ ᠲᠤᠭ᠎ᠠ ᠶᠢ ᠨᠡᠮᠡᠵᠡᠶ᠄ ᠨᠢᠭᠡ ᠳᠤ ︽ᠦᠷᠡᠵᠢᠬᠦ ᠮᠡᠭᠡᠵᠢ ᠶᠢᠨ ᠲᠤᠭ᠎ᠠ ᠪᠦᠷᠢᠳᠬᠡᠯ ᠤᠨ ᠬᠤᠪᠢᠷᠠᠯᠲᠠ ᠶᠢᠨ ᠨᠤᠷᠮ᠎ᠠ︾ ᠪᠣᠯᠤᠨ᠎ᠠ᠂ ᠲᠤᠰ ᠭᠦᠢᠴᠡᠳᠬᠡᠬᠦ ᠲᠤᠭ᠎ᠠ ᠨᠢ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠨᠥᠭᠡᠴᠡᠯᠡᠨ ᠲᠣᠬᠢᠷᠠᠭᠤᠯᠬᠤ ᠠᠵᠢᠯ ᠤᠨ ᠪᠠᠷᠠᠭᠠᠯᠬᠢᠯᠠᠯᠳᠤ ᠴᠢᠨᠠᠷ ᠢ ᠢᠯᠡᠳᠲᠡ ᠳᠡᠭᠡᠭᠰᠢᠯᠡᠭᠦᠯᠵᠦ ᠴᠢᠳᠠᠨ᠎ᠠ︔ ᠬᠤᠶᠠᠷ ᠲᠤ ︽36 ᠲᠣᠮᠣ ᠳᠤᠮᠳᠠ ᠬᠤᠲᠠ ᠶᠢᠨ ᠨᠠᠷᠢᠯᠢᠭ ᠮᠢᠬᠠᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ︾ ᠶᠢᠨ ᠭᠦᠢᠴᠡᠳᠬᠡᠬᠦ ᠲᠤᠭ᠎ᠠ ᠶᠢ ᠨᠡᠮᠡᠵᠡᠶ᠂ ᠡᠨᠡ ᠬᠦ ᠭᠦᠢᠴᠡᠳᠬᠡᠬᠦ ᠲᠤᠭ᠎ᠠ ᠨᠢ ᠬᠡᠷᠡᠭᠯᠡᠭᠴᠢᠳ ᠤᠨ ᠰᠡᠳᠬᠢᠭᠳᠡᠯ ᠳᠤ ᠨᠡᠩ ᠣᠶᠢᠷᠠᠳᠴᠤ᠂ ᠭᠠᠭ᠋ᠠᠶ ᠶᠢᠨ ᠮᠢᠬᠠᠨ ᠤ ᠦᠨ᠎ᠡ ᠬᠡᠳᠦ ᠥᠰᠬᠦ ᠦᠶ᠎ᠡ ᠳᠤ ᠴᠠᠭ ᠲᠤᠬᠠᠶ ᠳᠤᠨᠢ ᠰᠡᠷᠡᠮᠵᠢᠯᠡᠭᠦᠯᠦᠨ ᠳᠠᠭᠠᠵᠤ ᠪᠣᠯᠤᠨ᠎ᠠ᠃       ᠬᠤᠶᠠᠷ ᠲᠤ ᠤᠷᠢᠳᠴᠢᠯᠠᠨ ᠰᠡᠷᠡᠮᠵᠢᠯᠡᠭᠦᠯᠬᠦ ᠣᠷᠣᠨ ᠵᠠᠶ ᠳᠤ ᠲᠣᠬᠢᠷᠠᠭᠤᠯᠤᠯᠲᠠ ᠬᠢᠨ᠎ᠠ᠃ ︽ᠪᠡᠯᠡᠳᠬᠡᠯ ᠲᠥᠰᠦᠯ︾ ᠳᠤ ᠭᠠᠭ᠋ᠠᠶ ᠶᠢᠨ ᠦᠨ᠎ᠡ ᠬᠡᠲᠦ ᠪᠠᠭᠤᠷᠠᠭᠰᠠᠨ ᠪᠠ ᠬᠡᠲᠦ ᠥᠰᠦᠭᠰᠡᠨ ᠬᠤᠶᠠᠷ ᠵᠦᠢᠯ ᠤᠨ ᠪᠠᠶᠢᠳᠠᠯ ᠢ ᠢᠯᠭᠠᠵᠤ᠂ ᠭᠤᠷᠪᠠᠨ ᠱᠠᠲᠤᠨ ᠤ ᠤᠷᠢᠳᠴᠢᠯᠠᠨ ᠰᠡᠷᠡᠮᠵᠢᠯᠡᠭᠦᠯᠬᠦ ᠣᠷᠣᠨ ᠵᠠᠶ ᠭᠠᠷᠭᠠᠵᠠᠶ᠃ ᠡᠭᠦᠨ ᠳᠤ᠂ ᠣᠶᠢᠷ᠎ᠠ ᠶᠢᠨ ᠵᠢᠯ ᠤᠳ ᠤᠨ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠤᠨ ᠠᠰᠢᠭ ᠣᠷᠣᠯᠭ᠎ᠠ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠭᠠᠭ᠋ᠠᠶ ᠲᠡᠵᠢᠭᠡᠨ ᠦᠷᠡᠵᠢᠭᠦᠯᠬᠦ ᠶᠢᠨ ᠣᠯᠵᠤ ᠠᠯᠳᠠᠬᠤ ᠶᠢᠨ ᠲᠡᠩᠴᠡᠭᠦᠷᠢ ᠶᠢᠨ ᠴᠡᠭ ᠲᠠᠢ ᠵᠣᠬᠢᠴᠠᠯᠳᠤᠭᠰᠠᠨ ᠭᠠᠭ᠋ᠠᠶ ᠶᠢᠨ ᠠᠮᠤ ᠪᠤᠳᠠᠭᠠᠨ ᠤ ᠬᠠᠷᠢᠴᠠᠯ ᠦᠨ᠎ᠡ ᠶᠢ ᠡᠭᠦᠨ ᠠᠴᠠ ᠡᠮᠦᠨᠡᠬᠢ 5.5:1~5.8:1 ᠶᠢ ᠳᠡᠭᠡᠭᠰᠢᠯᠡᠭᠦᠯᠦᠭᠡᠳ 7:1 ᠪᠣᠯᠭᠠᠵᠤ᠂ ᠭᠠᠭ᠋ᠠᠶ ᠶᠢᠨ ᠠᠮᠤ ᠪᠤᠳᠠᠭᠠᠨ ᠤ ᠬᠠᠷᠢᠴᠠᠯ ᠦᠨ᠎ᠡ ᠶᠢ 7:1~9:1 ᠶᠢᠨ ᠦᠶ᠎ᠡ ᠳᠤ ᠤᠷᠢᠳᠴᠢᠯᠠᠨ ᠰᠡᠷᠡᠮᠵᠢᠯᠡᠭᠦᠯᠬᠦ ᠥᠬᠡᠶ ᠪᠠᠶᠢᠵᠤ᠂ ᠵᠠᠬ᠎ᠠ ᠳᠡᠯᠭᠡᠭᠦᠷ ᠤᠨ ᠠᠶᠠᠨᠳᠠᠭᠠᠨ ᠲᠣᠬᠢᠷᠠᠭᠤᠯᠬᠤ ᠳᠤ ᠭᠦᠢᠴᠡᠳ ᠣᠷᠣᠨ ᠵᠠᠶ ᠦᠯᠡᠳᠡᠭᠡᠵᠦ ᠥᠭᠭᠦᠭᠰᠡᠨ ᠪᠠᠶᠢᠨ᠎ᠠ᠃       ᠭᠤᠷᠪᠠ ᠳᠤ ᠲᠥᠷᠥᠯ ᠬᠤᠪᠢᠶᠠᠨ ᠨᠥᠭᠡᠴᠡᠯᠡᠬᠦ ᠶᠢ ᠳᠣᠭᠢᠷᠠᠭᠤᠯᠤᠨ᠎ᠠ᠃ ︽ᠪᠡᠯᠡᠳᠬᠡᠯ ᠲᠥᠰᠦᠯ︾ ᠳᠤ ᠵᠠᠰᠠᠭ ᠤᠨ ᠣᠷᠳᠣᠨ ᠤ ᠭᠠᠭ᠋ᠠᠶ ᠶᠢᠨ ᠮᠢᠬ᠎ᠠ ᠶᠢᠨ ᠨᠥᠭᠡᠴᠡ ᠶᠢᠨ ᠠᠳᠠᠯᠢ ᠪᠤᠰᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠡᠩ ᠤᠨ ᠨᠥᠭᠡᠴᠡ ᠪᠠ ᠲᠦᠷ ᠴᠠᠭ ᠤᠨ ᠨᠥᠭᠡᠴᠡ ᠶᠢ ᠲᠣᠰ ᠲᠣᠰ ᠳᠣᠭᠢᠷᠠᠭᠤᠯᠪᠠ᠃ ᠤᠯᠤᠰ ᠤᠨ ᠳᠠᠪᠬᠤᠷᠭ᠎ᠠ ᠶᠢᠨ ᠡᠩ ᠤᠨ ᠨᠥᠭᠡᠴᠡ ᠶᠢ ᠭᠤᠣᠯᠳᠠᠭᠤ ᠵᠠᠬ᠎ᠠ ᠳᠡᠯᠭᠡᠭᠦᠷ ᠤᠨ ᠲᠤᠬᠢᠷᠠᠭᠤᠯᠤᠯ ᠡᠵᠡᠮᠳᠡᠯ ᠪᠠ ᠪᠠᠴᠢᠮ ᠪᠠᠶᠢᠳᠠᠯ ᠢ ᠠᠷᠭᠠᠴᠠᠬᠤ ᠣᠷᠣᠭᠤᠯᠤᠯᠲᠠ ᠶᠢᠨ ᠬᠡᠷᠡᠭᠴᠡᠭᠡ ᠶᠢ ᠬᠠᠩᠭᠠᠬᠤ ᠳᠤ ᠲᠦᠷ ᠴᠠᠭ ᠤᠨ ᠨᠥᠭᠡᠴᠡᠯᠡᠯᠲᠡ ᠶᠢ ᠪᠣᠯ ᠲᠣᠰ ᠡᠭᠡᠯᠵᠢ ᠶᠢᠨ ᠲᠣᠬᠢᠷᠠᠭᠤᠯᠤᠯ ᠡᠵᠡᠮᠳᠡᠯ ᠤᠨ  ᠦᠢᠯᠡᠳᠦᠯᠭᠡ ᠲᠠᠢ ᠤᠶᠠᠯᠳᠤᠭᠤᠯᠤᠨ᠂ ᠪᠤᠰᠤᠳ ᠬᠤᠯᠪᠣᠭᠳᠠᠯ ᠪᠥᠬᠦᠶ ᠴᠢᠬᠤᠯᠠ ᠲᠠᠸᠠᠷ ᠤᠨ ᠨᠥᠭᠡᠴᠡᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠭ᠎ᠠ ᠪᠠᠷ ᠯᠠᠪᠯᠠᠯᠲᠠ ᠪᠣᠯᠭᠠᠵᠤ ᠳᠤᠷᠠᠳᠤᠨ ᠭᠠᠷᠭᠠᠭᠰᠠᠨ ᠶᠤᠮ᠂ ᠡᠭᠦᠨ ᠳᠤ ᠭᠤᠤᠯᠳᠠᠭᠤ ᠭᠠᠭ᠋ᠠᠶ ᠶᠢᠨ ᠦᠨ᠎ᠡ ᠬᠡᠲᠦ ᠪᠠᠭᠤᠷᠠᠵᠤ᠂  ᠦᠢᠯᠡᠳᠪᠦᠷᠢᠯᠡᠬᠦ ᠴᠢᠳᠠᠪᠤᠷᠢ ᠶᠡᠭᠡ ᠪᠠᠷ ᠪᠠᠭᠤᠷᠠᠭᠰᠠᠨ ᠦᠶ᠎ᠡ ᠳᠤ ᠬᠤᠷᠢᠶᠠᠨ ᠨᠥᠭᠡᠴᠡᠯᠡᠵᠦ᠂  ᠦᠢᠯᠡᠳᠪᠦᠷᠢᠯᠡᠯ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠪᠦᠲᠦᠮᠵᠢᠲᠡᠶ ︽ᠲᠦᠰᠢᠬᠦ ᠵᠠᠬ᠎ᠠ︾ ᠶᠢᠨ ᠲᠣᠭᠲᠠᠭᠤᠨ ᠦᠢᠯᠡᠳᠪᠦᠷᠢᠯᠡᠬᠦ ᠴᠢᠳᠠᠪᠤᠷᠢ ᠶᠢ ᠪᠡᠶᠡᠯᠡᠭᠦᠯᠬᠦ ᠶᠢᠨ ᠲᠥᠯᠥᠭᠡ ᠶᠤᠮ᠃ ᠡᠭᠦᠨ ᠤ ᠵᠡᠷᠭᠡ ᠳᠤ ᠨᠥᠭᠡᠴᠡ ᠶᠢᠨ ᠬᠡᠪᠴᠢᠶ᠎ᠡ ᠥᠩᠭᠡᠷᠡᠭᠰᠡᠨ ᠤ ᠬᠢ ᠠᠴᠠ ᠶᠡᠭᠡ ᠪᠠᠷ ᠳᠡᠭᠡᠭᠰᠢᠯᠡᠵᠦ᠂ ᠲᠣᠬᠢᠷᠠᠭᠤᠯᠤᠯ ᠡᠵᠡᠮᠳᠡᠯ ᠤᠨ ᠴᠢᠳᠠᠪᠤᠷᠢ ᠢᠯᠡᠳᠲᠡ ᠨᠡᠮᠡᠭᠳᠡᠵᠡᠶ᠃       ᠲᠦᠷᠪᠡ ᠳᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠪᠡᠯᠡᠳᠬᠡᠯ ᠲᠥᠰᠦᠯ︾ ᠳᠤ ᠲᠣᠰ ᠡᠭᠡᠯᠵᠢ ᠶᠢᠨ ᠭᠠᠭ᠋ᠠᠶ ᠶᠢᠨ ᠮᠢᠬᠠᠨ ᠤ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠤᠨ ᠠᠵᠢᠯ ᠤᠨ ᠳᠤᠮᠳᠠ ᠰᠢᠨ᠎ᠡ ᠶᠢ ᠡᠭᠦᠳᠬᠦ ᠳᠤ ᠠᠪᠤᠭᠰᠠᠨ ᠰᠠᠯᠠᠭ᠎ᠠ ᠮᠥᠴᠢᠷ ᠤᠨ ᠵᠥᠪᠳᠡᠯᠴᠡᠬᠦ ᠲᠣᠭᠲᠠᠴᠠ ᠶᠢ ᠪᠠᠬᠢᠵᠢᠭᠦᠯᠪᠡᠯ᠂ ᠰᠠᠯᠠᠭ᠎ᠠ ᠮᠥᠴᠢᠷ ᠤᠨ ᠨᠡᠪᠲᠡᠷᠡᠯᠴᠡᠭᠡ ᠵᠢᠴᠢ  ᠰᠢᠢᠳᠪᠦᠷᠢᠲᠦ ᠪᠣᠳᠣᠯᠭ᠎ᠠ ᠲᠣᠭᠲᠠᠭᠠᠬᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ ︽ᠪᠡᠯᠡᠳᠬᠡᠯ ᠲᠥᠰᠦᠯ︾ ᠨᠢ ᠲᠣᠰ ᠡᠭᠡᠯᠵᠢ ᠶᠢᠨ ᠲᠣᠬᠢᠷᠠᠭᠤᠯᠤᠯ ᠡᠵᠡᠮᠳᠡᠯ ᠤᠨ  ᠦᠢᠯᠡᠳᠦᠯᠭᠡ ᠶᠢᠨ ᠲᠤᠷᠰᠢᠯᠭ᠎ᠠ ᠲᠠᠢ ᠤᠶᠠᠯᠳᠤᠭᠤᠯᠤᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠭᠠᠭ᠋ᠠᠶ ᠶᠢᠨ ᠮᠢᠬ᠎ᠠ ᠨᠥᠭᠡᠴᠡᠯᠡᠬᠦ ᠬᠡᠪᠴᠢᠶ᠎ᠡ᠂ ᠬᠤᠷᠢᠶᠠᠨ ᠨᠥᠭᠡᠴᠡᠯᠡᠬᠦ ᠲᠣᠭᠲᠠᠴᠠ ᠵᠡᠷᠭᠡ ᠬᠤᠯᠪᠣᠭᠳᠠᠯ ᠪᠥᠬᠦᠶ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠲᠥᠪ ᠪᠠ ᠣᠷᠣᠨ ᠨᠤᠲᠤᠭ ᠤᠨ ᠬᠤᠯᠪᠣᠭᠠᠯᠠᠨ ᠬᠥᠳᠡᠯᠦᠯᠴᠡᠬᠦ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠨᠡᠶᠢᠯᠡᠮᠡᠯ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ ᠴᠢᠳᠠᠬᠤ ᠪᠣᠯᠤᠨ᠎ᠠ᠃       ᠭᠤᠷᠪᠠ᠂ ᠰᠡᠭᠦᠯᠴᠢ ᠶᠢᠨ ᠬᠤᠭᠤᠴᠠᠭᠠᠨ ᠳᠤ ᠭᠠᠭ᠋ᠠᠶ ᠶᠢᠨ ᠵᠠᠬ᠎ᠠ ᠳᠡᠯᠭᠡᠭᠦᠷ ᠢ ᠬᠡᠷᠬᠢᠨ ᠬᠥᠭᠵᠢᠭᠦᠯᠬᠦ ᠪᠤᠢ︖ ︽ᠲᠥᠰᠦᠯ︾ ᠨᠢ ᠶᠠᠮᠠᠷ  ᠦᠢᠯᠡᠳᠦᠯ ᠢ ᠪᠠᠳᠠᠷᠠᠭᠤᠯᠬᠤ ᠪᠣᠶ︖       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠮᠢᠳᠤ ᠭᠠᠭ᠋ᠠᠶ ᠶᠢᠨ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠡᠯ᠎ᠡ ᠭᠠᠵᠠᠷ ᠤᠨ ᠬᠢᠨ ᠮᠤᠵᠢ ᠠᠴᠠ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ ᠪᠠ ᠬᠤᠲᠠ ᠶᠢᠨ ᠳᠠᠷᠤᠭ᠎ᠠ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠭᠠᠷᠤᠯᠲᠠ ᠪᠠᠨ ᠢᠳᠡᠪᠬᠢᠲᠡᠶ ᠪᠠᠷ ᠰᠡᠷᠭᠦᠭᠡᠨ ᠭᠠᠷᠤᠯᠲᠠ ᠪᠠᠨ ᠥᠷᠭᠡᠳᠬᠡᠵᠦ᠂ ᠠᠮᠢᠳᠤ ᠭᠠᠭ᠋ᠠᠶ ᠶᠢᠨ ᠭᠠᠷᠤᠯᠲᠠ ᠪᠠᠨ ᠰᠡᠷᠭᠦᠭᠡᠨ ᠭᠠᠷᠤᠯᠲᠠ ᠪᠠᠨ ᠥᠷᠭᠡᠳᠬᠡᠬᠦ ᠬᠠᠨᠳᠤᠰᠢ ᠮᠠᠰᠢ ᠰᠠᠶᠢᠨ ᠪᠠᠶᠢᠨ᠎ᠠ᠃ ᠡᠨᠡ ᠵᠢᠯ ᠤᠨ 4 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠦᠷᠡᠵᠢᠬᠦ ᠮᠡᠭᠡᠵᠢ ᠶᠢᠨ ᠲᠤᠭ᠎ᠠ ᠨᠢᠭᠡᠨᠲᠡ ᠬᠡᠪ ᠤᠨ ᠵᠢᠯ ᠤᠨ 97.6% ᠳᠤ ᠬᠦᠷᠴᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠵᠢᠱᠢᠯᠲᠡ ᠪᠠᠷ ᠡᠨᠡ ᠵᠢᠯ ᠤᠨ ᠳᠣᠤᠷ᠎ᠠ ᠬᠠᠭᠠᠰ ᠵᠢᠯ ᠳᠤ ᠭᠠᠭ᠋ᠠᠶ ᠶᠢᠨ ᠲᠤᠭ᠎ᠠ ᠬᠡᠪ ᠤᠨ ᠬᠡᠮᠵᠢᠶᠡᠨ ᠳᠤ ᠬᠥᠷᠬᠦ ᠪᠣᠯᠤᠮᠵᠢ ᠲᠠᠢ ᠪᠠᠶᠢᠨ᠎ᠠ᠃ ᠦᠢᠯᠡᠳᠪᠦᠷᠢᠯᠡᠬᠦ ᠴᠢᠳᠠᠪᠤᠷᠢ ᠶᠢᠨ ᠦᠷᠭᠦᠯᠵᠢᠯᠡᠨ ᠰᠡᠷᠭᠦᠬᠦ ᠶᠢ ᠳᠠᠭᠠᠯᠳᠤᠨ᠂ ᠭᠠᠭ᠋ᠠᠶ ᠪᠠ ᠭᠠᠭ᠋ᠠᠶ ᠶᠢᠨ ᠮᠢᠬᠠᠨ ᠤ ᠦᠨ᠎ᠡ ᠦᠷᠭᠦᠯᠵᠢᠯᠡᠨ ᠵᠦᠶ ᠵᠣᠬᠢᠰᠲᠠᠶ ᠬᠢᠷᠢ ᠲᠦᠪᠰᠢᠨ ᠳᠤ ᠬᠥᠷᠬᠦ ᠪᠣᠯᠤᠮᠵᠢ ᠲᠠᠢ ᠪᠠᠶᠢᠨ᠎ᠠ᠃ ᠡᠭᠦᠨ ᠤ ᠬᠠᠮᠲᠤ᠂ ᠭᠠᠭ᠋ᠠᠶ ᠲᠡᠵᠢᠭᠡᠨ ᠦᠷᠡᠵᠢᠭᠦᠯᠬᠦ ᠶᠢᠨ ᠬᠡᠪᠴᠢᠶᠡᠵᠢᠯᠲᠡ᠂ ᠪᠠᠷᠢᠮᠵᠢᠶᠠᠵᠢᠭᠤᠯᠤᠯᠲᠠ ᠶᠢᠨ ᠬᠡᠮᠵᠢᠶ᠎ᠡ ᠵᠢᠴᠢ ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠬᠢᠷᠢ ᠬᠡᠮᠵᠢᠶ᠎ᠡ ᠥᠩᠭᠡᠷᠡᠭᠰᠡᠨ ᠤ ᠬᠢ ᠠᠴᠠ ᠢᠯᠡᠳᠲᠡ ᠳᠡᠭᠡᠭᠰᠢᠯᠡᠵᠡᠶ᠃       ︽ᠪᠡᠯᠡᠳᠬᠡᠯ ᠲᠥᠰᠦᠯ︾ ᠨᠢ ᠵᠠᠰᠠᠭ ᠤᠨ ᠣᠷᠳᠣᠨ ᠤ ᠭᠠᠭ᠋ᠠᠶ ᠶᠢᠨ ᠮᠢᠬ᠎ᠠ ᠶᠢᠨ ᠨᠥᠭᠡᠴᠡᠯᠡᠯᠲᠡ ᠶᠢᠨ ᠲᠣᠬᠢᠷᠠᠭᠤᠯᠤᠯᠲᠠ ᠪᠠᠷ ᠵᠠᠩᠭᠢᠯᠠᠭ᠎ᠠ ᠶᠢᠨ ᠭᠠᠷᠳᠠᠴᠠ ᠪᠣᠯᠭᠠᠬᠤ ᠴᠢᠬᠤᠯᠠ  ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠭ᠋ᠠᠶ ᠵᠢᠴᠢ ᠭᠠᠭ᠋ᠠᠶ ᠶᠢᠨ ᠮᠢᠬ᠎ᠠ ᠶᠢᠨ ᠦᠨ᠎ᠡ ᠬᠠᠩᠰᠢ ᠶᠢ ︽ᠥᠰᠬᠡᠬᠦ︾ ᠪᠠ ︽ᠪᠠᠭᠤᠷᠠᠭᠤᠯᠬᠤ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠬᠠᠩᠭᠠᠯᠭ᠎ᠠ ᠶᠢ ᠲᠣᠭᠲᠠᠭᠤᠨ ᠪᠠᠶᠢᠯᠭᠠᠬᠤ ᠪᠠᠷ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠪᠠᠷ ᠬᠠᠩᠭᠠᠯᠭ᠎ᠠ ᠶᠢ ᠲᠣᠭᠲᠠᠭᠤᠨ ᠪᠠᠶᠢᠯᠭᠠᠬᠤ ᠶᠢ ᠠᠬᠢᠭᠤᠯᠤᠨ᠎ᠠ᠃ ᠦᠨ᠎ᠡ ᠬᠠᠩᠰᠢ ᠬᠡᠲᠦ ᠥᠨᠳᠥᠷ ᠪᠣᠯᠬᠤ ᠦᠶ᠎ᠡ ᠳᠤ᠂ ᠨᠥᠭᠡᠴᠡᠯᠡᠵᠦ ᠪᠠᠶᠢᠭᠠᠳ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠪᠠᠲᠤᠯᠠᠵᠤ᠂ ᠦᠨ᠎ᠡ ᠬᠠᠩᠰᠢ ᠶᠢᠨ ᠵᠦᠶ ᠵᠣᠬᠢᠰᠲᠠᠶ ᠣᠷᠣᠨ ᠪᠠᠶᠢᠷᠢ ᠳᠤ ᠪᠠᠭᠤᠷᠠᠬᠤ ᠶᠢ ᠳᠥᠯᠭᠢᠨ ᠠᠬᠢᠭᠤᠯᠵᠤ᠂ ᠭᠠᠭ᠋ᠠᠶ ᠶᠢᠨ  ᠦᠢᠯᠡᠳᠪᠦᠷᠢᠯᠡᠯ ᠤᠨ ᠴᠢᠳᠠᠪᠤᠷᠢ ᠶᠢᠨ ᠬᠡᠲᠦ ᠥᠷᠭᠡᠳᠬᠦ ᠠᠴᠠ ᠵᠠᠶᠢᠯᠠᠰᠬᠢᠨ᠎ᠠ︔ ᠦᠨ᠎ᠡ ᠬᠠᠩᠰᠢ ᠬᠡᠲᠦ ᠳᠣᠤᠷ᠎ᠠ ᠪᠣᠯᠬᠤ ᠦᠶ᠎ᠡ ᠳᠤ᠂ ᠬᠤᠳᠠᠯᠳᠤᠨ ᠠᠪᠴᠤ ᠨᠥᠭᠡᠴᠡᠯᠡᠬᠦ ᠠᠵᠢᠯ ᠢ ᠡᠬᠢᠯᠡᠭᠦᠯᠵᠦ᠂ ᠵᠠᠬ᠎ᠠ ᠳᠡᠯᠭᠡᠭᠦᠷ ᠢ ᠪᠠᠲᠤᠯᠠᠨ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠶᠢᠨ ᠰᠡᠳᠬᠢᠯ ᠢ ᠠᠮᠤᠷᠵᠢᠭᠤᠯᠵᠤ᠂ ᠭᠠᠭ᠋ᠠᠶ ᠶᠢᠨ ᠦᠢᠯᠡᠳᠪᠦᠷᠢᠯᠡᠯ  ᠤᠨ ᠴᠢᠳᠠᠪᠤᠷᠢ ᠶᠢ ᠬᠡᠲᠦ ᠭᠡᠭᠡᠭᠳᠡᠭᠦᠯᠬᠦ ᠠᠴᠠ ᠵᠠᠶᠢᠯᠠᠰᠬᠢᠨ᠎ᠡ᠃       ᠲᠦᠷᠪᠡ᠂ ︽ᠪᠡᠯᠡᠳᠬᠡᠯ ᠲᠥᠰᠦᠯ︾ ᠢ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠬᠡᠷᠬᠢᠨ ᠪᠠᠲᠤᠯᠠᠬᠤ ᠪᠤᠢ︖       ︽ᠪᠡᠯᠡᠳᠬᠡᠯ ᠲᠥᠰᠦᠯ︾ ᠳᠤ ᠰᠠᠯᠠᠭ᠎ᠠ ᠮᠥᠴᠢᠷ ᠤᠳ ᠵᠥᠪᠳᠡᠯᠴᠡᠬᠦ᠂ ᠲᠥᠪ ᠪᠠ ᠣᠷᠣᠨ ᠨᠤᠲᠤᠭ ᠬᠠᠮᠲᠤᠷᠠᠨ ᠬᠥᠳᠡᠯᠦᠯᠴᠡᠬᠦ᠂ ᠵᠠᠷᠤᠳᠠᠯ ᠤᠨ ᠪᠠᠲᠤᠯᠠᠭ᠎ᠠ ᠵᠡᠷᠭᠡ ᠬᠡᠷᠡᠭᠵᠢᠭᠦᠯᠦᠯᠲᠡ ᠶᠢᠨ ᠪᠠᠲᠤᠯᠠᠭ᠎ᠠ ᠶᠢ ᠲᠣᠳᠣᠷᠬᠠᠶ ᠲᠣᠭᠲᠠᠭᠠᠪᠠ  
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ