ᠪᠦᠬᠦ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/7/12
 ᠪᠦᠬᠦ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ                    ᠪᠠᠶᠠᠨᠨᠠᠭᠤᠷ ᠵᠠᠰᠠᠭ ᠠᠯᠪᠠᠨ ᠥᠰᠥᠭ ︹ 2021︺ 34 ᠳ᠋ᠦᠭᠡᠷ ᠲᠣᠭᠠᠲᠤ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠵᠢᠴᠢ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠡ ᠳᠤ᠄       ᠡᠨᠡ ᠵᠢᠯ ᠠᠴᠠ  ᠨᠠᠭᠠᠰᠢ᠂ ︽ᠯᠠᠨᠢᠨᠠ ᠶᠢᠨ ᠬᠡᠷᠡᠭ︾ ᠤᠨ ᠨᠥᠯᠥᠭᠡ ᠪᠠᠷ᠂ ᠮᠠᠨ ᠤ ᠬᠤᠲᠠ ᠶᠢᠨ ᠴᠠᠭ ᠠᠭᠤᠷ ᠤᠨ ᠠᠭᠤᠷ ᠠᠮᠢᠰᠬᠤᠯ ᠨᠡᠯᠢᠶᠡᠳ ᠪᠤᠳᠤᠯᠢᠶᠠᠨᠲᠠᠶ ᠪᠥᠭᠡᠳ ᠬᠡᠪ ᠤᠨ ᠪᠤᠰᠤ ᠪᠠᠶᠢᠵᠤ᠂ ᠣᠨᠴᠠᠭᠠᠶ ᠴᠠᠭ ᠠᠭᠤᠷ ᠤᠨ ᠬᠡᠷᠡᠭ ᠪᠠᠶᠢᠨ ᠳᠠᠬᠢᠨ ᠭᠠᠷᠴᠤ ᠪᠠᠶᠢᠨ᠎ᠠ᠃ 1 ᠳ᠋ᠦᠭᠡᠷ ᠰᠠᠷ᠎ᠠ ᠶᠢᠨ ᠰᠢᠨᠡᠳ ᠢᠶᠠᠷ ᠠᠭᠠᠷ ᠤᠨ ᠳᠤᠯᠠᠭᠠᠨ ᠣᠨᠴᠠᠭᠠᠶ ᠳᠣᠤᠷ᠎ᠠ ᠪᠠᠶᠢᠵᠤ᠂ 2 ᠳ᠋ᠤᠭᠠᠷ ᠰᠠᠷ᠎ᠠ ᠶᠢᠨ ᠳᠤᠮᠳᠠᠴᠢ᠂ 3 ᠳ᠋ᠤᠭᠠᠷ ᠰᠠᠷ᠎ᠠ ᠶᠢᠨ ᠰᠢᠨᠡᠳ ᠢᠶᠠᠷ ᠠᠭᠠᠷ ᠤᠨ ᠳᠤᠯᠠᠭᠠᠨ ᠣᠨᠴᠠᠭᠠᠶ ᠥᠨᠳᠥᠷ ᠪᠠᠶᠢᠵᠤ᠂ 4 ᠬᠤᠰᠢᠭᠤ ᠰᠢᠶᠠᠨ ᠤ ᠬᠠᠮᠤᠭ ᠤᠨ ᠥᠨᠳᠥᠷ ᠠᠭᠠᠷ ᠤᠨ ᠳᠤᠯᠠᠭᠠᠨ ᠠᠳᠠᠯᠢ ᠬᠤᠭᠤᠴᠠᠭᠠᠨ ᠤ ᠲᠡᠤᠬᠡ ᠶᠢᠨ ᠲᠦᠢᠯ ᠤᠨ ᠬᠡᠮᠵᠢᠭᠳᠡᠯ ᠠᠴᠠ ᠳᠠᠪᠠᠪᠠ︔ 3 ᠰᠠᠷ᠎ᠠ ᠠᠴᠠ 5 ᠰᠠᠷ᠎ᠠ ᠳᠤ᠂ ᠲᠦᠢᠯ ᠤᠨ ᠶᠡᠭᠡ ᠪᠣᠷᠣᠭᠠᠨ ᠤᠷᠤᠭᠰᠠᠨ ᠬᠡᠷᠡᠭ ᠭᠠᠷᠴᠠᠶ᠃ ᠣᠲᠣ ᠪᠣᠯᠲᠠᠯ᠎ᠠ᠂ ᠪᠥᠬᠦ ᠬᠤᠲᠠ ᠳᠤ ᠨᠡᠶᠢᠲᠡ 10 ᠭᠠᠷᠤᠶ ᠤᠳᠠᠭᠠᠨ ᠤ ᠶᠡᠭᠡ ᠬᠡᠪᠴᠢᠶᠡᠨ ᠤ ᠡᠯᠡᠰᠦᠨ ᠰᠢᠭᠤᠷᠭᠠᠲᠤ ᠴᠠᠭ ᠠᠭᠤᠷ ᠤᠨ ᠶᠠᠪᠤᠴᠠ ᠢᠯᠡᠷᠡᠵᠦ᠂ ᠣᠶᠢᠷ᠎ᠠ ᠶᠢᠨ 30 ᠵᠢᠯ ᠤᠨ ᠠᠳᠠᠯᠢ ᠬᠤᠭᠤᠴᠠᠭᠠᠨ ᠳᠤ ᠬᠠᠮᠤᠭ ᠤᠨ ᠣᠯᠠᠨ ᠪᠣᠯᠤᠭᠰᠠᠨ ᠪᠥᠭᠡᠳ ᠬᠦᠴᠦᠯᠡᠴᠡ ᠨᠢ ᠶᠡᠭᠡ᠂ ᠦᠷᠭᠦᠯᠵᠢᠯᠡᠭᠰᠡᠨ ᠴᠠᠭ ᠨᠢ ᠣᠷᠳᠣ ᠵᠡᠷᠭᠡ ᠣᠨᠴᠠᠯᠢᠭ ᠲᠠᠢ ᠪᠣᠯᠵᠠᠶ᠃ ᠴᠠᠭ ᠠᠭᠤᠷ ᠤᠨ ᠰᠠᠯᠠᠭ᠎ᠠ ᠮᠥᠴᠢᠷ ᠤᠨ ᠲᠥᠰᠦᠭᠡᠯᠡᠭᠰᠡᠨ ᠢᠶᠠᠷ᠂ ᠡᠨᠡ ᠵᠢᠯ ᠤᠨ ᠪᠦᠬᠦ ᠬᠤᠲᠠ ᠶᠢᠨ ᠠᠭᠤᠷ ᠠᠮᠢᠰᠬᠤᠯ ᠤᠨ ᠣᠨ ᠤ ᠪᠠᠶᠢᠳᠠᠯ ᠶᠡᠷᠦᠩᠬᠡᠶ ᠳᠡᠭᠡᠨ ᠡᠩ ᠤᠨ ᠪᠠᠶᠢᠳᠠᠯ ᠠᠴᠠ ᠵᠥᠷᠢᠶ᠎ᠡ ᠭᠠᠷᠴᠤ᠂ ᠲᠦᠢᠯ ᠤᠨ ᠶᠡᠭᠡ ᠴᠠᠭ ᠠᠭᠤᠷ ᠤᠨ ᠠᠭᠤᠷ ᠠᠮᠢᠰᠬᠤᠯ ᠤᠨ ᠬᠡᠷᠡᠭ ᠠᠴᠠ ᠪᠣᠯᠤᠭᠰᠠᠨ ᠭᠠᠶ ᠭᠠᠮᠰᠢᠭ ᠨᠡᠯᠢᠶᠡᠳ ᠣᠯᠠᠨ ᠪᠠᠶᠢᠵᠤ᠂ ᠦᠶᠡᠷ ᠤᠨ ᠬᠤᠭᠤᠴᠠᠭ᠎ᠠ ︵6 — 8 ᠰᠠᠷ᠎ᠠ︶ ᠶᠢᠨ ᠪᠥᠬᠦ ᠬᠤᠲᠠ ᠶᠢᠨ ᠲᠤᠨᠳᠠᠰᠤᠨ ᠤ ᠬᠡᠮᠵᠢᠶ᠎ᠡ 100.0 — 222.1 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ 2 — 5 ᠬᠤᠪᠢ ᠢᠯᠡᠭᠦᠤ ᠪᠠᠶᠢᠵᠤ᠂ ᠣᠬᠤᠷ ᠴᠠᠭ ᠤᠨ ᠰᠢᠷᠦᠭᠦᠨ ᠪᠣᠷᠣᠭᠠᠨ᠂ ᠮᠥᠨᠳᠥᠷ᠂ ᠠᠶᠤᠩᠭᠠᠲᠤ ᠪᠣᠷᠣᠭᠠᠨ ᠶᠡᠭᠡ ᠰᠠᠯᠬᠢ ᠵᠡᠷᠭᠡ ᠬᠦᠴᠦᠲᠡᠶ ᠰᠣᠯᠢᠭ ᠤᠷᠤᠰᠬᠠᠯ ᠤᠨ ᠴᠠᠭ ᠠᠭᠤᠷ ᠤᠨ ᠢᠯᠡᠷᠡᠬᠦ ᠤᠳᠠᠭ᠎ᠠ ᠨᠢ ᠨᠡᠯᠢᠶᠡᠳ ᠥᠨᠳᠥᠷ ᠪᠠᠶᠢᠵᠤ᠂ ᠣᠬᠤᠷ ᠴᠠᠭ ᠤᠨ ᠰᠢᠷᠦᠭᠦᠨ ᠪᠣᠷᠣᠭᠠᠨ ︵ᠰᠢᠷᠦᠭᠦᠨ ᠪᠣᠷᠣᠭᠠᠨ︶ ᠠᠴᠠ ᠪᠣᠯᠤᠭᠰᠠᠨ ᠬᠤᠲᠠ ᠶᠢᠨ ᠤᠰᠤᠲᠤᠯ᠂ ᠳᠤᠮᠳᠠ ᠵᠢᠵᠢᠭ ᠭᠤᠤᠯ ᠮᠥᠷᠡᠨ ᠤ ᠦᠶᠡᠷ᠂ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠶ ᠭᠠᠮᠰᠢᠭ ᠤᠨ ᠲᠦᠭᠰᠢᠭᠦᠷᠢ ᠨᠡᠯᠢᠶᠡᠳ ᠥᠨᠳᠥᠷ ᠪᠠᠶᠢᠳᠠᠭ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠴᠠᠭ ᠠᠭᠤᠷ ᠤᠨ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠡᠳᠦᠭᠡ ᠬᠤᠯᠪᠣᠭᠳᠠᠯ ᠪᠥᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠨ᠎ᠠ       ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠡᠨᠡ ᠵᠢᠯ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠪᠤᠳᠤᠯᠢᠶᠠᠨᠲᠤ ᠴᠢᠨᠠᠷ᠂ ᠬᠠᠲᠠᠭᠤ ᠴᠢᠩᠭ᠎ᠠ ᠴᠢᠨᠠᠷ ᠢ ᠤᠯᠠᠮ ᠨᠢᠭᠡ ᠠᠯᠬᠤᠮ ᠲᠣᠳᠣᠷᠬᠠᠶ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ︽ᠰᠡᠷᠭᠡᠶᠢᠯᠡᠬᠦ ᠨᠢ ᠭᠠᠮᠰᠢᠭ ᠠᠴᠠ ᠠᠪᠤᠷᠠᠬᠤ ᠠᠴᠠ ᠢᠯᠡᠭᠦᠤ︾ ᠭᠡᠬᠦ ᠣᠨᠣᠯᠵᠢᠬᠤᠨ ᠢ ᠪᠠᠲᠤ ᠪᠣᠶ ᠪᠣᠯᠭᠠᠬᠤ ᠬᠡᠷᠡᠭᠲᠡᠶ᠃ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠲᠣᠭᠤᠷᠢᠭ ᠤᠨ ᠭᠤᠤᠯ ᠤᠳᠤᠷᠢᠳᠤᠯᠭ᠎ᠠ ᠪᠣᠯ ᠭᠠᠮᠰᠢᠭ ᠢ ᠰᠡᠷᠭᠡᠶᠢᠯᠡᠬᠦ ᠨᠢᠭᠡᠳᠦᠭᠡᠷ ᠬᠠᠷᠢᠭᠤᠴᠠᠯᠭᠠᠲᠠᠨ ᠮᠥᠨ᠂ ᠪᠡᠶ᠎ᠡ ᠪᠠᠷ ᠢᠶᠠᠨ ᠠᠰᠠᠭᠤᠨ ᠪᠠᠶᠢᠴᠠᠭᠠᠵᠤ᠂ ᠰᠠᠯᠠᠭ᠎ᠠ ᠮᠥᠴᠢᠷ᠂ ᠠᠵᠢᠯ ᠲᠥᠷᠥᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠵᠦᠶ᠋ᠯ ᠤᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠶ ᠠᠳᠬᠤᠵᠤ ᠨᠠᠷᠢᠨ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠡᠯ᠎ᠡ ᠱᠠᠲᠤᠨ ᠤ ᠭᠤᠤᠯ ︵ᠨᠠᠭᠤᠷ︶ ᠤᠨ ᠳᠠᠷᠤᠭ᠎ᠠ ᠨᠠᠷ ᠬᠤᠯᠪᠣᠭᠳᠠᠯ ᠪᠥᠬᠦᠶ ᠲᠣᠭᠲᠠᠭᠠᠯ ᠪᠠ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠦᠶᠡᠷ ᠤᠨ ᠪᠠᠶᠢᠳᠠᠯ ᠢ ᠨᠢᠭᠲᠠ ᠮᠥᠷᠳᠡᠵᠦ᠂ ᠪᠠᠭᠤᠷᠠᠶ ᠭᠤᠭᠴᠤᠭ᠎ᠠ ᠪᠠ ᠵᠠᠩᠭᠢᠯᠠᠭ᠎ᠠ ᠶᠢᠨ ᠬᠡᠰᠡᠭ ᠢ ᠴᠢᠩᠭ᠎ᠠ ᠠᠵᠢᠭᠯᠠᠵᠤ᠂ ᠬᠠᠮᠤᠭ ᠤᠨ ᠲᠡᠷᠢᠭᠦᠨ ᠳᠤ ᠲᠤᠬᠠᠶ ᠶᠢᠨ ᠲᠠᠯᠠᠪᠤᠷ ᠲᠤ ᠬᠦᠷᠴᠦ ᠂ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃       ᠬᠤᠶᠠᠷ᠂ ᠭᠠᠮᠰᠢᠭ ᠤᠨ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠬᠤ ᠬᠡᠷᠡᠭᠲᠡᠶ       ᠬᠤᠲᠠ ᠪᠣᠯᠤᠨ ᠡᠯ᠎ᠡ ᠬᠤᠰᠢᠭᠤ ᠰᠢᠶᠠᠨ ᠲᠣᠭᠤᠷᠢᠭ ᠤᠨ ᠴᠠᠭ ᠠᠭᠤᠷ᠂ ᠤᠰᠤᠨ ᠵᠦᠶ ᠶᠢᠨ ᠰᠠᠯᠠᠭ᠎ᠠ ᠮᠥᠴᠢᠷ ᠤᠳ ᠴᠠᠭ ᠠᠭᠤᠷ ᠪᠣᠯᠤᠨ ᠤᠰᠤᠨ ᠤ ᠪᠠᠶᠢᠳᠠᠯ᠂ ᠦᠶᠡᠷ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠬᠢᠨᠠᠨ ᠠᠵᠢᠭᠯᠠᠵᠤ᠂ ᠴᠠᠭ ᠠᠭᠤᠷ ᠤᠨ ᠳᠡᠭᠡᠳᠦ ᠳᠣᠤᠷᠠᠳᠤ ᠤᠷᠤᠰᠬᠠᠯ ᠤᠨ ᠨᠥᠯᠥᠭᠡᠯᠡᠬᠦ ᠥᠷᠲᠡᠭᠡᠨ ᠤ ᠲᠠᠪᠴᠠᠩ ᠤᠨ ᠬᠤᠭᠤᠷᠣᠨᠳᠣᠬᠢ ᠭᠠᠮᠰᠢᠭᠲᠤ ᠴᠠᠭ ᠠᠭᠤᠷ ᠢ ᠬᠢᠨᠠᠨ ᠬᠡᠮᠵᠢᠬᠦ ᠪᠣᠳᠠᠲᠤ ᠪᠠᠶᠢᠳᠠᠯ᠂ ᠭᠠᠮᠰᠢᠭ ᠤᠨ ᠪᠠᠶᠢᠳᠠᠯ᠂ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠥᠳᠡᠯᠦᠩᠭᠦᠶ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠠᠮᠤᠭ ᠲᠡᠷᠢᠭᠦᠨ ᠳᠤ ᠵᠥᠪᠳᠡᠯᠴᠡᠬᠦ ᠶᠢ ᠪᠡᠶᠡᠯᠡᠭᠦᠯᠬᠦ ᠬᠡᠷᠡᠭᠲᠡᠶ᠃ ᠴᠠᠭ ᠠᠭᠤᠷ ᠤᠨ ᠰᠠᠯᠠᠭ᠎ᠠ ᠮᠥᠴᠢᠷ ᠬᠢᠭᠡᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠤᠨ ᠬᠠᠮᠲᠤᠷᠠᠭᠰᠠᠨ ᠬᠤᠳᠠᠯᠳᠤᠭ᠎ᠠ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠨ᠎ᠠ︔ ᠰᠣᠶᠣᠯ ᠤᠨ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠤᠲᠠ ᠶᠢᠨ ᠪᠥᠲᠥᠭᠡᠨ ᠪᠠᠶᠢᠭᠤᠯᠤᠯᠲᠠ᠂ ᠡᠨᠧᠷᠭᠢ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠴᠠᠭ ᠠᠭᠤᠷ ᠤᠨ ᠰᠠᠯᠠᠭ᠎ᠠ ᠮᠥᠴᠢᠷ ᠯᠦᠭᠡ ᠬᠡᠷᠡᠭᠴᠡᠭᠡ ᠱᠠᠭᠠᠷᠳᠠᠯᠭ᠎ᠠ ᠪᠠᠨ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠶ᠃ ᠭᠠᠷ ᠤᠲᠠᠰᠤᠨ ᠤ ᠣᠬᠤᠷ ᠮᠡᠳᠡᠭᠡ᠂ ᠷᠠᠳᠢᠣ᠋ ᠨᠡᠪᠲᠡᠷᠡᠭᠦᠯᠭᠡ ᠲᠧᠯᠸᠢᠰ᠂ ᠰᠦᠯᠵᠢᠶᠡᠨ ᠤ ᠵᠠᠭᠤᠴᠢᠯᠠᠭᠤᠷ ᠵᠡᠷᠭᠡ ᠠᠷᠭ᠎ᠠ ᠵᠠᠮ ᠢ ᠭᠦᠶ᠋ᠴᠡᠳ ᠠᠰᠢᠭᠯᠠᠨ᠂ ᠭᠠᠩ ᠤᠨ ᠪᠠᠶᠢᠳᠠᠯ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠪᠠ ᠭᠠᠵᠠᠷ ᠤᠨ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠬᠠᠨᠳᠤᠰᠢ ᠵᠢᠴᠢ ᠵᠡᠷᠭᠡ ᠳᠡᠰ ᠢ ᠴᠠᠭ ᠲᠤᠬᠠᠶ ᠳᠤᠨᠢ ᠨᠡᠶᠢᠲᠡᠯᠡᠵᠦ᠂ ᠣᠯᠠᠨ ᠲᠦᠮᠡᠨ ᠤ ᠠᠶᠤᠯ ᠠᠴᠠ ᠵᠠᠶᠢᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠵᠠᠶᠢᠯᠠᠬᠤ ᠪᠠ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ ᠳᠤ ᠴᠠᠭ ᠪᠠ ᠰᠠᠨᠠᠭᠠᠴᠢᠯᠠᠭᠠᠲᠤ ᠡᠷᠬᠡ ᠶᠢ ᠣᠯᠵᠤ ᠥᠭᠬᠦ ᠬᠡᠷᠡᠭᠲᠡᠶ᠃       ᠭᠤᠷᠪᠠ᠂ ᠴᠠᠭ ᠠᠭᠤᠷ  ᠤᠨ ᠭᠠᠮᠰᠢᠭ  ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ       ᠡᠯ᠎ᠡ ᠬᠤᠰᠢᠭᠤ ᠰᠢᠶᠠᠨ ᠲᠣᠭᠤᠷᠢᠭ ᠨᠢ ᠳᠠᠷᠤᠶ ᠲᠦᠷᠭᠡᠨ ᠬᠦᠴᠦᠨ ᠢᠶᠠᠨ ᠵᠣᠬᠢᠶᠠᠨ ᠪᠠᠶᠢᠭᠤᠯᠵᠤ ᠪᠠᠶᠢᠭᠠᠳ ᠭᠠᠮᠰᠢᠭ ᠤᠨ ᠳᠠᠯᠳᠠ ᠬᠡᠮ ᠢ ᠳᠠᠬᠢᠨ ᠡᠮᠬᠢᠯᠡᠨ ᠳᠠᠬᠢᠨ ᠵᠢᠭᠰᠠᠭᠠᠨ ᠪᠠᠶᠢᠴᠠᠭᠠᠵᠤ ᠳᠠᠬᠢᠨ ᠴᠡᠭᠴᠡᠯᠡᠨ ᠵᠠᠰᠠᠵᠤ᠂ ᠬᠤᠭᠤᠰᠣᠨ ᠵᠠᠶ ᠦᠯᠡᠳᠡᠭᠡᠬᠦ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠡᠯ᠎ᠡ ᠲᠥᠷᠥᠯ ᠤᠨ ᠠᠶᠤᠯ ᠠᠴᠠ ᠠᠪᠤᠷᠠᠵᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠪᠠᠶᠢᠴᠠᠭᠠᠯᠲᠠ ᠦᠨᠡᠯᠡᠯᠲᠡ ᠬᠢᠵᠦ᠂ ᠴᠠᠭ ᠲᠤᠬᠠᠶ ᠳᠤᠨᠢ ᠳᠣᠭᠢᠷᠠᠭᠤᠯᠤᠨ ᠲᠡᠭᠦᠯᠳᠡᠷᠵᠢᠭᠦᠯᠵᠦ᠂ ᠭᠠᠮᠰᠢᠭ ᠠᠴᠠ ᠰᠡᠷᠭᠡᠶᠢᠯᠡᠬᠦ᠂ ᠠᠶᠤᠯ ᠠᠴᠠ ᠠᠪᠤᠷᠠᠬᠤ᠂ ᠤᠬᠤᠷᠢᠭᠤᠯᠬᠤ᠂ ᠠᠪᠤᠷᠠᠨ ᠲᠤᠰᠠᠯᠠᠬᠤ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠪᠠᠯᠠ ᠮᠥᠩᠭᠦ ᠡᠳ᠋ ᠪᠣᠳᠠᠰ ᠤᠨ ᠪᠡᠯᠡᠳᠬᠡᠯ ᠢ ᠨᠠᠶᠢᠳᠠᠪᠤᠷᠢᠵᠢᠭᠤᠯᠵᠤ᠂ ᠭᠠᠮᠰᠢᠭ ᠭᠠᠷᠤᠮᠠᠭᠴᠠ ᠬᠦᠴᠦᠲᠡᠶ ᠪᠥᠭᠡᠳ ᠡᠮᠬᠢ ᠵᠢᠷᠤᠮ ᠲᠠᠢ ᠪᠥᠭᠡᠳ ᠪᠦᠲᠦᠮᠵᠢᠲᠡᠶ ᠠᠷᠭᠠᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠭᠤᠯᠠᠨ ᠦᠶᠡᠷ ᠤᠨ ᠭᠠᠮᠰᠢᠭ ᠤᠨ ᠠᠶᠤᠯ ᠲᠠᠢ ᠣᠷᠣᠨ ᠳᠤ ᠰᠡᠷᠡᠮᠵᠢᠯᠡᠭᠦᠯᠬᠦ ᠠᠷᠭ᠎ᠠ ᠮᠠᠶ᠋ᠢᠭ᠂ ᠵᠠᠶᠢᠯᠠᠬᠤ ᠱᠤᠭᠤᠮ᠂ ᠲᠥᠪᠬᠢᠨᠡᠭᠦᠯᠬᠦ ᠴᠢᠬ ᠵᠡᠷᠭᠡ ᠶᠢ ᠲᠣᠳᠣᠷᠬᠠᠶᠢᠯᠠᠵᠤ᠂ ᠭᠠᠮᠰᠢᠭ ᠠᠴᠠ ᠡᠮᠦᠨᠡᠬᠢ ᠳᠤᠰᠬᠠᠯ ᠤᠨ ᠬᠤᠷᠳᠤᠴᠠ ᠪᠣᠯᠤᠨ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠪᠤᠷᠠᠨ ᠲᠤᠰᠠᠯᠠᠬᠤ ᠬᠦᠴᠦᠨ ᠢ ᠵᠢᠯᠣᠭᠤᠳᠤᠨ ᠲᠣᠬᠢᠷᠠᠭᠤᠯᠬᠤ ᠪᠠᠨ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠪᠠᠷᠢᠯᠭ᠎ᠠ ᠶᠢᠨ ᠠᠶᠤᠯ ᠠᠴᠠ ᠠᠪᠤᠷᠠᠬᠤ ᠵᠡᠷᠭᠡ ᠲᠤᠰᠬᠠᠶ ᠡᠩᠨᠡᠭᠡ ᠶᠢ ᠲᠠᠶᠢᠨ ᠤ ᠪᠡᠯᠡᠳᠬᠡᠯ ᠤᠨ ᠪᠠᠶᠢᠳᠠᠯ ᠳᠤ ᠣᠷᠣᠭᠤᠯᠬᠤ ᠶᠢ ᠬᠥᠲᠥᠯᠥᠨ ᠵᠢᠯᠣᠭᠤᠳᠤᠨ᠎ᠠ᠃ ᠭᠤᠣᠯ ᠤᠨ ᠵᠠᠮ ᠤᠨ ᠰᠠᠭᠠᠳ ᠲᠣᠳᠬᠠᠷ ᠢ ᠠᠷᠢᠯᠭᠠᠬᠤ ᠡᠷᠴᠢᠮ ᠢ ᠴᠢᠩᠭᠠᠷᠠᠭᠤᠯᠵᠤ᠂ ᠦᠶᠡᠷ ᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠨ᠎ᠠ︔ ᠢᠵᠢ ᠲᠣᠭᠤᠷᠢᠭ ᠤᠨ ᠤᠰᠤ ᠵᠠᠯᠠᠬᠤ ᠰᠤᠪᠠᠭ ᠵᠢᠴᠢ ᠬᠥᠭᠡᠷᠭᠡ ᠶᠢᠨ ᠥᠷᠲᠡᠭᠡ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠢᠵᠢ ᠲᠣᠭᠤᠷᠢᠭ ᠵᠢᠴᠢ ᠬᠤᠲᠠ ᠶᠢᠨ ᠤᠰᠤᠲᠤᠯ ᠢ ᠪᠣᠶ ᠪᠣᠯᠭᠠᠬᠤ ᠶᠢ ᠰᠡᠷᠭᠡᠶᠢᠯᠡᠬᠦ ᠬᠡᠷᠡᠭᠲᠡᠶ᠃ ᠭᠠᠮᠰᠢᠭ ᠭᠠᠷᠤᠮᠠᠭᠴᠠ ᠠᠮᠢ ᠨᠠᠰᠤ ᠶᠢ ᠠᠪᠤᠷᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠦᠴᠦᠨ ᠢᠶᠠᠨ ᠦᠳᠲᠡᠷ ᠲᠦᠷᠭᠡᠨ ᠲᠥᠪᠯᠡᠷᠡᠭᠦᠯᠦᠨ ᠭᠠᠮᠰᠢᠭ ᠠᠴᠠ ᠠᠪᠤᠷᠠᠬᠤ ᠨᠢᠭᠡᠳᠦᠭᠡᠷ ᠹᠷᠣᠨᠲ ᠲᠤ ᠣᠴᠢᠵᠤ᠂ ᠬᠠᠰᠢᠭᠳᠠᠭᠰᠠᠨ ᠤᠯᠠᠨ ᠲᠦᠮᠡᠨ ᠢ ᠴᠠᠭ ᠲᠤᠬᠠᠶ ᠳᠤᠨᠢ ᠡᠷᠢᠨ ᠠᠪᠤᠷᠠᠵᠤ᠂ ᠡᠭᠦᠰᠦᠮᠡᠯ ᠭᠠᠮᠰᠢᠭ ᠢ ᠠᠩᠬᠠᠷᠤᠨ ᠰᠡᠷᠭᠡᠶᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ ᠬᠡᠷᠡᠭᠲᠡᠶ᠃       ᠳᠥᠷᠪᠡ᠂ ᠣᠯᠠᠨ ᠲᠦᠮᠡᠨ ᠤ ᠠᠶᠤᠯ ᠠᠴᠠ ᠪᠠᠴᠢᠮ ᠵᠠᠶᠢᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ       ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠬᠤᠲᠠ᠂ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠥᠷᠪᠡᠨ ᠱᠠᠲᠤᠨ ᠤ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠲᠦᠷᠭᠡᠨ ᠰᠡᠷᠡᠮᠵᠢᠯᠡᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠠᠶᠤᠯ ᠲᠦᠭᠰᠢᠭᠦᠷᠢ ᠡᠭᠦᠰᠪᠡᠯ᠂ ᠠᠶᠤᠯ ᠲᠠᠢ ᠣᠷᠣᠨ ᠪᠦᠰᠡ ᠪᠣᠯᠤᠨ ᠰᠦᠷᠳᠡᠭᠦᠯᠦᠯ ᠳᠤ ᠤᠴᠠᠷᠠᠭᠰᠠᠨ ᠣᠷᠣᠨ ᠪᠦᠰᠡ ᠶᠢᠨ ᠣᠯᠠᠨ ᠲᠦᠮᠡᠨ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠢᠯᠵᠢᠭᠦᠯᠵᠦ᠂ ᠢᠯᠠᠩᠭᠤᠶ᠎ᠠ ᠥᠨᠥᠴᠢᠨ ᠪᠡᠯᠪᠡᠰᠦᠨ ᠨᠠᠰᠤᠲᠠᠨ᠂ ᠬᠡᠷ ᠲᠡᠭᠡᠨ ᠬᠤᠴᠣᠷᠤᠭᠰᠠᠨ ᠬᠡᠤᠬᠡᠳ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠤᠨ ᠰᠤᠷᠭᠠᠭᠤᠯᠢ ᠨᠤᠭᠤᠳ ᠬᠡᠷ ᠤᠨ ᠠᠬᠠᠮᠠᠳ ᠲᠠᠢ ᠪᠠᠨ ᠬᠠᠮᠵᠢᠯᠴᠠᠵᠤ᠂ ᠰᠤᠷᠤᠭᠴᠢᠳ ᠤᠨ ᠭᠤᠤᠯ ᠤᠨ ᠬᠥᠪᠡᠭᠡ᠂ ᠤᠰᠤᠨ ᠴᠥᠭᠦᠷᠥᠮ᠂ ᠬᠤᠲᠠ ᠶᠢᠨ ᠦᠵᠡᠮᠵᠢ ᠶᠢᠨ ᠭᠤᠤᠯ᠂ ᠦᠶᠡᠷ ᠵᠠᠯᠠᠬᠤ ᠰᠤᠪᠠᠭ ᠵᠡᠷᠭᠡ ᠭᠠᠵᠠᠷ ᠲᠤ ᠳᠤᠷ᠎ᠠ ᠪᠠᠷ ᠢᠶᠠᠨ ᠣᠴᠢᠵᠤ ᠤᠮᠪᠠᠭ᠋ᠤ ᠶᠢ ᠡᠷᠡᠰ ᠰᠡᠷᠭᠡᠶᠢᠯᠡᠵᠦ᠂ ᠬᠡᠤᠬᠡᠳ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃       ᠲᠠᠪᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ       ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠨ ᠵᠢᠯᠣᠭᠤᠳᠬᠤ ᠪᠠᠨ ᠴᠢᠩᠭᠠᠳᠬᠠᠵᠤ᠂ ᠦᠶᠡᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠤᠳᠤᠷᠢᠳᠤᠯᠭ᠎ᠠ ᠡᠭᠡᠯᠵᠢ ᠳᠠᠭᠠᠭᠤᠯᠬᠤ᠂ ᠮᠡᠷᠭᠡᠵᠢᠯ ᠤᠨ ᠠᠵᠢᠯᠲᠠᠨ ᠵᠢᠵᠢᠭᠦᠷᠯᠡᠬᠦ ᠪᠠ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠭᠠᠮᠰᠢᠭ ᠤᠨ ᠪᠠᠶᠢᠳᠠᠯ ᠲᠣᠬᠢᠶᠠᠯᠳᠤᠪᠠᠯ ᠳᠠᠷᠤᠶ ᠲᠦᠷᠭᠡᠨ ᠳᠣᠭᠢᠷᠠᠭᠤᠯᠤᠨ ᠳᠣᠭᠢᠷᠠᠭᠤᠯᠵᠤ᠂ ᠡᠷᠡᠰ ᠰᠢᠭᠤᠷᠬᠠᠶ ᠪᠥᠭᠡᠳ ᠬᠦᠴᠦᠲᠡᠶ ᠰᠢᠶ᠋ᠳᠪᠦᠷᠢᠯᠡᠨ᠂ ᠮᠡᠳᠡᠭᠡ ᠵᠠᠩᠭᠢ ᠪᠠᠨ ᠴᠠᠭ ᠲᠤᠬᠠᠶ ᠳᠤᠨᠢ ᠣᠨᠣᠪᠴᠢᠲᠠᠶ ᠵᠢᠷᠤᠮᠵᠢᠭᠤᠯᠤᠨ ᠮᠡᠳᠡᠭᠦᠯᠦᠨ ᠬᠦᠷᠭᠡᠬᠦ ᠬᠡᠷᠡᠭᠲᠡᠶ᠃ ᠭᠠᠮᠰᠢᠭ ᠠᠴᠠ ᠠᠪᠤᠷᠠᠬᠤ ᠰᠠᠬᠢᠯᠭ᠎ᠠ ᠪᠠᠲᠤ ᠶᠢ ᠴᠢᠩᠳᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠠᠵᠢᠯ ᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠭᠰᠡᠨ ᠦᠭᠡᠢ ᠠᠴᠠ ᠪᠤᠯᠵᠤ ᠨᠡᠯᠢᠶᠡᠳ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃                         ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                 2021 ᠣᠨ ᠤ 6 ᠰᠠᠷ᠎ᠠ ᠶᠢᠨ 3
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ