ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/8/19
      8 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠮᠠᠨ ᠤ ᠬᠤᠲᠠ ᠳᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃       ᠵᠧᠩ ᠬᠤᠩ ᠹᠠᠨ ᠯᠢᠨ ᠾᠧ ᠲᠣᠭᠤᠷᠢᠭ ᠤᠨ ᠭᠠᠨᠵᠤᠤᠷ ᠰᠦᠮ᠎ᠡ ᠪᠠᠯᠭᠠᠰᠤᠨ ᠤ ᠮᠢᠨ ᠵᠦ ᠲᠣᠰᠬᠤᠨ᠂ ᠶᠢᠨ ᠱᠠ ᠨᠡᠶᠢᠭᠡᠮ ᠲᠣᠭᠤᠷᠢᠭ ᠪᠣᠯᠤᠨ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ᠃ ᠮᠢᠨ ᠵᠦ ᠲᠣᠰᠬᠤᠨ ᠳᠤ ᠭᠤᠸᠠ ᠵᠢᠮᠢᠰ ᠤᠨ ᠦᠨᠦᠷ ᠬᠠᠩᠬᠤᠯᠵᠤ᠂ ᠦᠵᠡᠰᠬᠦᠯᠡᠩᠲᠦ ᠰᠠᠶᠢᠬᠠᠨ ᠦᠵᠡᠮᠵᠢ ᠨᠢ ᠵᠢᠷᠤᠭ ᠮᠡᠲᠦ ᠰᠠᠶᠢᠬᠠᠨ ᠬᠠᠷᠠᠭᠳᠠᠨ᠎ᠠ᠂ ᠮᠢᠨ ᠵᠦ ᠲᠣᠰᠬᠤᠨ ᠤ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠲᠣᠰᠬᠤᠨ ᠤ ᠠᠷᠠᠳ ᠢ ᠳᠠᠭᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠵᠧᠩ ᠬᠤᠩ ᠹᠠᠨ ᠤᠳᠠᠭ᠎ᠠ ᠳᠠᠷᠠᠭᠠᠯᠠᠨ ᠮᠠᠭᠲᠠᠨ ᠰᠠᠶᠢᠰᠢᠶᠠᠪᠠ᠃       ᠲᠡᠷᠡ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠨᠠᠮ ᠤᠨ ᠢᠷᠠᠭᠤ ᠠᠯᠳᠠᠷᠲᠤ ᠤᠯᠠᠮᠵᠢᠯᠠᠯ᠂ ᠰᠢᠯᠢᠳᠡᠭ ᠰᠤᠷᠲᠠᠯ ᠢ ᠪᠠᠳᠠᠷᠠᠭᠤᠯᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠠᠯᠪᠠᠨ ᠵᠠᠷᠤᠴᠠ ᠶᠢᠨ ᠤᠬᠠᠮᠰᠠᠷ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠴᠢᠩᠭᠠᠳᠬᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠦᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ ᠠᠷᠠᠳ ᠲᠦᠮᠡᠨ ᠳᠤ ᠦᠢᠯᠡᠴᠢᠯᠡᠵᠦ᠂ ᠬᠦᠴᠢᠷᠳᠡᠯᠲᠡᠢ ᠤᠯᠠᠨ ᠲᠦᠮᠡᠨ ᠠᠴᠠ ᠭᠠᠷᠳᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠠᠴᠠ ᠡᠬᠢᠯᠡᠨ ᠠᠳᠬᠤᠵᠤ᠂ ᠤᠯᠠᠨ ᠲᠦᠮᠡᠨ ᠤ ᠬᠦᠴᠢᠷᠳᠡᠯᠲᠡᠢ ᠶᠠᠪᠤᠳᠠᠯ᠂ ᠪᠤᠬᠢᠨᠢᠳᠤᠯ ᠲᠠᠢ ᠶᠠᠪᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ ᠭᠡᠪᠡ᠃ ᠵᠧᠩ ᠬᠤᠩ ᠹᠠᠨ ᠪᠠᠶᠠᠨᠨᠠᠭᠤᠷ ᠤᠨ ᠷᠠᠳᠢᠣ᠋ ᠲᠧᠯᠸᠢᠰ ᠬᠤᠷᠢᠶ᠎ᠠ᠂ ᠳ᠋ᠧᠩᠺᠸᠤ ᠰᠢᠶᠠᠨ ᠤ ᠬᠠᠮ ᠵᠠᠭᠤᠴᠢᠯᠠᠭᠤᠷ ᠤᠨ ᠲᠥᠪ ᠲᠤ ᠭᠦᠨᠵᠡᠭᠡᠶᠢᠷᠡᠵᠦ᠂ ᠵᠠᠭᠤᠴᠢᠯᠠᠭᠤᠷ ᠤᠨ ᠠᠭᠤᠰᠤᠯᠴᠠᠨ ᠬᠥᠭᠵᠢᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠡᠮᠦᠨ᠎ᠡ ᠹᠷᠣᠨᠲ ᠤᠨ ᠰᠤᠷᠪᠤᠯᠵᠢᠯᠠᠨ ᠨᠠᠶᠢᠷᠠᠭᠤᠯᠬᠤ ᠠᠵᠢᠯᠲᠠᠳ ᠢ ᠪᠣᠯᠭᠤᠭᠠᠨ ᠦᠵᠡᠪᠡ᠃       ᠲᠡᠷᠡ ᠴᠢᠬᠤᠯᠠᠴᠢᠯᠠᠭᠰᠠᠨ ᠨᠢ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠤᠯᠤᠰ ᠤᠨ ᠲᠤᠮᠤ ᠶᠠᠪᠤᠳᠠᠯ︾ ᠢ ᠪᠠᠲᠤ ᠴᠡᠭᠡᠵᠢᠯᠡᠵᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠯᠭ᠎ᠠ ᠶᠢ ᠢᠮᠠᠭᠲᠠ ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠪᠡ᠃      ᠲᠡᠷᠡ᠂ ᠵᠠᠭᠤᠴᠢᠯᠠᠭᠤᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠠᠭᠤᠴᠢᠯᠠᠭᠤᠷ ᠤᠨ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠬᠦᠴᠦᠷᠬᠡᠭ ᠶᠡᠭᠡ ᠳᠠᠮᠵᠢᠭᠤᠯᠬᠤ ᠬᠦᠴᠦᠨ᠂ ᠬᠦᠳᠦᠯᠦᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠤᠯᠠᠨ ᠢ ᠢᠲᠡᠭᠡᠭᠦᠯᠬᠦ ᠬᠦᠴᠦᠨ ᠲᠠᠢ ᠰᠢᠨ᠎ᠡ ᠬᠡᠯᠪᠡᠷᠢ ᠶᠢᠨ ᠭᠤᠣᠯ ᠵᠠᠭᠤᠴᠢᠯᠠᠭᠤᠷ ᠢ ᠪᠠᠶᠢᠭᠤᠯᠬᠤ ᠬᠡᠷᠡᠭᠲᠡᠢ᠃ ᠬᠠᠷᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠠᠭᠤᠯᠭ᠎ᠠ ᠪᠠᠨ ᠪᠠᠶᠠᠯᠢᠭᠵᠢᠭᠤᠯᠵᠤ᠂ ᠬᠦᠯᠢᠶᠡᠨ ᠠᠪᠤᠭᠴᠢᠳ ᠤᠨ ᠬᠡᠪᠴᠢᠶ᠎ᠡ ᠶᠢ ᠥᠷᠭᠡᠳᠬᠡᠵᠦ᠂ ᠨᠠᠮ ᠤᠨ ᠳᠠᠭᠤᠨ ᠢ ᠰᠠᠶᠢᠲᠤᠷ ᠤᠯᠠᠮᠵᠢᠯᠠᠵᠤ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠠᠵᠢᠯ ᠢ ᠢᠮᠠᠭᠲᠠ ᠴᠢᠬᠤᠯᠠᠴᠢᠯᠠᠵᠤ᠂ ᠴᠢᠳᠠᠪᠤᠷᠢᠲᠠᠨ ᠤ ᠰᠠᠶᠢᠨ ᠣᠷᠴᠢᠯ ᠤᠨ ᠲᠣᠭᠲᠠᠴᠠ ᠶᠢ ᠪᠦᠷᠢᠯᠳᠦᠭᠦᠯᠵᠦ᠂ ᠦᠵᠡᠯ ᠰᠠᠨᠠᠭᠠᠨ ᠤ ᠳᠠᠪᠲᠠᠯᠲᠠ᠂ ᠤᠯᠤᠰ ᠲᠦᠷᠦ ᠶᠢᠨ ᠳᠠᠪᠲᠠᠯᠲᠠ᠂ ᠦᠢᠯᠡᠳᠦᠯᠭᠡ ᠶᠢᠨ ᠳᠠᠪᠲᠠᠯᠲᠠ ᠶᠢ ᠴᠢᠩᠭᠠᠳᠬᠠᠵᠤ᠂ ᠰᠢᠯᠭᠠᠷᠠᠭᠰᠠᠨ ᠤᠬᠠᠭᠤᠯᠭ᠎ᠠ ᠶᠢᠨ ᠠᠵᠢᠯ ᠤᠨ ᠡᠩᠨᠡᠭᠡ ᠶᠢ ᠪᠠᠶᠢᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠤ ᠱᠠᠭᠠᠷᠳᠠᠪᠠ᠃       ᠵᠧᠩ ᠬᠤᠩ ᠹᠠᠨ ᠪᠠᠰᠠ ᠬᠠᠲᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠶᠢᠨ ᠭᠧᠨ ᠤ ᠬᠥᠮᠥᠷᠭᠡ᠂ ᠰᠢᠶᠠᠨ ᠨᠦᠩ ᠲᠠᠷᠢᠶᠠᠯᠠᠩ ᠤᠨ ᠲᠦᠮᠡᠨ ᠮᠦ ᠶᠢᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠢ᠂ ᠥᠪᠥᠷ ᠮᠣᠩᠭᠤᠯ ᠤᠨ ᠪᠢᠩᠲ᠋ᠤᠸᠠᠨ ᠤ ᠮᠦᠽᠧᠢ ᠳᠤ ᠭᠦᠨᠵᠡᠭᠡᠶᠢᠷᠡᠵᠦ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ᠂ ︽ᠲᠡᠭᠷᠢ ᠶᠢᠨ ᠬᠡᠰᠢᠭᠲᠦ ᠪᠣᠷᠣᠲᠣᠬᠤᠢ︾ ᠨᠡᠷᠡᠲᠦ ᠲᠡᠮᠳᠡᠭ ᠤᠨ ᠪᠠᠶᠢᠭᠤᠯᠤᠯᠲᠠ ᠶᠢᠨ ᠪᠠᠶᠢᠳᠠᠯ ᠵᠢᠴᠢ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠵᠡᠷᠭᠡ ᠶᠢ ᠪᠠᠶᠢᠴᠠᠭᠠᠨ ᠰᠤᠳᠤᠯᠵᠠᠢ᠃       ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ