ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/8/19
      2021 ᠣᠨ ᠤ 8 ᠳ᠋ᠤᠭᠠᠷ ᠰᠠᠷ᠎ᠠ ᠶᠢᠨ 18 ᠤ ᠡᠳᠦᠷ ᠤᠨ 7 ᠴᠠᠭ ᠠᠴᠠ 8 ᠳ᠋ᠤᠭᠠᠷ ᠰᠠᠷ᠎ᠠ ᠶᠢᠨ 19 ᠤ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠣᠪᠣᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ 2021 ᠣᠨ ᠤ 8 ᠳ᠋ᠤᠭᠠᠷ ᠰᠠᠷ᠎ᠠ ᠶᠢᠨ 19 ᠤ ᠡᠳᠦᠷ ᠤᠨ 7 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ 1 ︵ᠬᠦᠯᠦᠨ ᠪᠤᠶᠢᠷ ᠬᠤᠲᠠ ᠶᠢᠨ ᠬᠠᠶᠢᠯᠠᠷ ᠲᠣᠭᠤᠷᠢᠭ ᠲᠤ︶᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ