ᠮᠠᠨ ᠤ ᠬᠤᠲᠠ ᠦᠶᠤᠸᠠᠨ ᠤ ᠰᠢᠷ᠎ᠠ ᠱᠠᠪᠲᠠᠯ᠎ᠠ ᠶᠢ ᠨᠠᠷᠢᠯᠢᠭ ᠡᠳ᠋ᠰᠢᠭᠦᠯᠬᠦ  ᠣᠶᠤᠨᠲᠤ ᠳᠡᠭᠡᠳᠦ ᠰᠢᠨ᠎ᠡ  ᠮᠡᠷᠭᠡᠵᠢᠯ ᠤᠨ ᠠᠵᠤ  ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2021/8/23
      8 ᠰᠠᠷ᠎ᠠ ᠶᠢᠨ 18 ᠤ ᠡᠳᠦᠷ᠂ ᠬᠤᠳᠠ ᠶᠢᠨ ᠵᠠᠰᠠᠭ ᠤᠨ ᠣᠷᠳᠣᠨ ᠪᠣᠯᠤᠨ ᠱᠠᠩᠬᠠᠢ ᠶᠢᠨ ᠵᠢᠢ ᠧ ᠯᠢᠩ ᠺᠣᠮᠫᠠᠨᠢ ᠦᠶᠤᠸᠠᠨ ᠤ ᠰᠢᠷ᠎ᠠ ᠱᠠᠪᠲᠠᠯ᠎ᠠ ᠶᠢ ᠨᠠᠷᠢᠯᠢᠭ ᠪᠣᠯᠪᠠᠰᠤᠷᠠᠭᠤᠯᠬᠤ ᠤᠶᠤᠨᠲᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠶᠠᠷᠢᠯᠴᠠᠬᠤ ᠬᠤᠷᠠᠯ ᠬᠢᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠴᠢᠦ ᠶᠦᠩ ᠬᠤᠩ᠂ ᠱᠠᠩᠬᠠᠢ ᠶᠢᠨ ᠵᠢᠢ ᠧ ᠯᠢᠩ ᠠᠵᠤ ᠠᠬᠤᠶᠢᠯᠠᠯ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠢ ᠬᠠᠢ ᠴᠢᠶᠦ᠋ᠨ ᠣᠷᠣᠯᠴᠠᠪᠠ᠃       ᠬᠤᠷᠠᠯ ᠳᠡᠭᠡᠷ᠎ᠡ᠂ ᠢᠦᠢ ᠬᠠᠢ ᠴᠢᠶᠦ᠋ᠨ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠪᠣᠯᠤᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠲᠠᠨᠢᠯᠴᠠᠭᠤᠯᠪᠠ︔ ᠥᠪᠥᠷ ᠮᠣᠩᠭᠤᠯ ᠤᠨ ᠮᠧᠶ ᠫᠠᠨ ᠨᠡᠷᠡᠮᠵᠢᠲᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠲᠥᠷᠥᠯ  ᠵᠦᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠵᠤ᠂ ᠬᠤᠲᠠ᠂ ᠰᠢᠶᠠᠨ ᠬᠤᠶᠠᠷ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠬᠢᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ  ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ ᠭᠦᠨᠵᠡᠭᠡᠶ ᠶᠠᠷᠢᠯᠴᠠᠪᠠ᠃       ᠴᠢᠦ ᠶᠦᠩ ᠬᠤᠩ ᠱᠠᠭᠠᠷᠳᠠᠭᠰᠠᠨ ᠨᠢ᠂ ᠬᠤᠲᠠ᠂ ᠰᠢᠶᠠᠨ ᠬᠤᠶᠠᠷ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠᠨ ᠨᠢᠭᠡᠳᠬᠡᠨ᠂ ᠵᠣᠭᠰᠣᠴᠠ ᠪᠠᠨ ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠴᠢᠨᠠᠷ ᠰᠠᠶᠢᠲᠠᠶ ᠠᠵᠤ  ᠦᠢᠯᠡᠰ ᠢ ᠲᠦᠷᠭᠡᠳᠬᠡᠨ ᠬᠥᠭᠵᠢᠭᠦᠯᠵᠦ᠂ ᠨᠠᠩ ᠣᠯᠠᠨ ᠰᠢᠯᠢᠳᠡᠭ ᠠᠵᠤ ᠠᠬᠤᠶᠢᠯᠠᠯ ᠢ ︽  ᠲᠡᠭᠷᠢ ᠶᠢᠨ ᠬᠡᠰᠢᠭᠲᠦ  ᠪᠣᠷᠣᠲᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ  ᠲᠡᠮᠳᠡᠭ ᠲᠤ ᠣᠷᠣᠭᠤᠯᠬᠤ ᠬᠡᠷᠡᠭᠲᠡᠶ᠃ ᠦᠢᠯᠡᠴᠢᠯᠡᠭᠡᠨ ᠤ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠪᠦᠳᠦᠬᠡᠨ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠠᠵᠤ ᠠᠬᠤᠶᠢᠯᠠᠯ ᠤᠳ ᠢᠲᠡᠭᠡᠯ ᠵᠣᠷᠢᠭ ᠢᠶᠠᠨ ᠪᠠᠲᠤᠳᠬᠠᠨ᠂ ᠠᠵᠠ ᠲᠣᠬᠢᠶᠠᠯ ᠢ ᠠᠮᠵᠢᠵᠤ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠦᠷᠭᠡᠪᠴᠢᠯᠡᠨ ᠪᠠᠶᠢᠭᠤᠯᠵᠤ᠂ ᠵᠠᠬ᠎ᠠ ᠳᠡᠯᠭᠡᠭᠦᠷ ᠲᠤ ᠭᠠᠷᠭᠠᠬᠤ ᠬᠠᠷᠠᠯᠲᠠ ᠪᠠᠨ ᠡᠷᠲᠡᠬᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ