ᠡᠨᠡ ᠵᠢᠯ ᠮᠠᠨ ᠤ ᠬᠤᠲᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ 33 ᠬᠠᠯᠠᠭᠤᠨ ᠤᠲᠠᠰᠤ ᠶᠢ ᠨᠡᠶᠢᠯᠡᠭᠦᠯᠦᠨ ᠰᠢᠯᠢᠳᠡᠭᠵᠢᠭᠦᠯᠬᠦ ᠪᠠᠷ ᠪᠣᠶ
ᠨᠡᠶᠢᠲᠡᠯᠡᠭᠰᠡᠨ ᠴᠠᠭ᠄
2021/8/23
      ᠮᠠᠨ ᠤ ᠤᠯᠤᠰ ᠤᠨ ᠬᠤᠲᠠ ᠶᠢᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ  ᠬᠠᠯᠠᠭᠤᠨ ᠤᠲᠠᠰᠤ ᠶᠢᠨ ᠲᠠᠪᠴᠠᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠵᠠᠰᠠᠭ ᠤᠨ ᠣᠷᠳᠣᠨ ᠠᠴᠠ ︽ᠪᠠᠶᠠᠨᠨᠠᠭᠤᠷ ᠬᠤᠲᠠ ᠶᠢᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤ ᠶᠢ ᠰᠢᠯᠢᠳᠡᠭᠵᠢᠭᠦᠯᠬᠦ ᠠᠵᠢᠯ ᠢ ᠲᠦᠷᠭᠡᠳᠬᠡᠨ ᠠᠬᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠨᠡ ᠵᠢᠯ ᠮᠠᠨ ᠤ ᠬᠤᠲᠠ 33 ᠵᠤᠷᠪᠤᠰ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ  ᠬᠠᠯᠠᠭᠤᠨ  ᠤᠲᠠᠰᠤ ᠶᠢ ᠨᠡᠶᠢᠯᠡᠭᠦᠯᠦᠨ ᠰᠢᠯᠢᠳᠡᠭᠵᠢᠭᠦᠯᠬᠦ ᠠᠵᠢᠯ ᠢ ᠪᠡᠶᠡᠯᠡᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃       ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠨᠡ ᠵᠢᠯ ᠤᠨ ᠡᠴᠦᠰ ᠠᠴᠠ ᠡᠮᠦᠨ᠎ᠡ᠂ ᠮᠠᠨ ᠤ ᠬᠤᠲᠠ 110᠂ 119᠂ 120᠂ 122 ᠵᠡᠷᠭᠡ ᠪᠠᠴᠢᠮ ᠤᠲᠠᠰᠤ ᠠᠴᠠ ᠭᠠᠳᠠᠨᠠᠬᠢ ᠪᠤᠰᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠲᠠᠰᠤ ᠶᠢ ᠨᠡᠶᠢᠯᠡᠭᠦᠯᠦᠨ ᠰᠢᠯᠢᠳᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠮᠠᠨ ᠤ ᠬᠤᠲᠠ ᠶᠢᠨ ᠪᠠᠶᠢᠭᠤᠯᠤᠭᠰᠠᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ  ᠬᠠᠯᠠᠭᠤᠨ ᠤᠲᠠᠰᠤ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠠᠯᠠᠭ᠎ᠠ ᠮᠥᠴᠢᠷ ᠤᠨ ᠪᠠᠶᠢᠭᠤᠯᠤᠭᠰᠠᠨ ᠪᠥᠭᠡᠳ ᠮᠠᠨ ᠤ ᠬᠤᠲᠠ ᠳᠤ ᠭᠥᠯᠢᠶᠡᠨ ᠠᠪᠴᠤ ᠰᠣᠨᠣᠰᠤᠭᠰᠠᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ  ᠬᠠᠯᠠᠭᠤᠨ ᠤᠲᠠᠰᠤ ᠨᠢ ᠨᠢᠭᠡ ᠨᠣᠮᠧᠷ ᠤᠨ  ᠦᠢᠯᠡᠴᠢᠯᠡᠭᠡ ᠶᠢ ᠪᠡᠶᠡᠯᠡᠭᠦᠯᠵᠦ᠂ ᠨᠡᠶᠢᠯᠡᠭᠦᠯᠦᠭᠰᠡᠨ ᠤ ᠳᠠᠷᠠᠭᠠᠬᠢ ᠬᠠᠯᠠᠭᠤᠨ ᠤᠲᠠᠰᠤ ᠨᠢ ︽12345 ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤ︾ ᠪᠣᠯᠵᠣ᠂ ︽7 × 24 ᠴᠠᠭ︾ ᠤᠨ ᠬᠥᠮᠦᠨ ᠤ ᠬᠦᠴᠦᠨ ᠤ  ᠦᠢᠯᠡᠴᠢᠯᠡᠭᠡ ᠬᠠᠩᠭᠠᠨ᠎ᠠ᠃ ᠡᠭᠦᠨ ᠤ ᠵᠡᠷᠭᠡ ᠳᠤ᠂ ᠬᠠᠯᠠᠭᠤᠨ ᠤᠲᠠᠰᠤᠨ ᠤ ᠠᠵᠢᠯᠯᠠᠭᠠᠨ ᠤ ᠠᠵᠢᠯ ᠤᠨ ᠲᠣᠭᠲᠠᠴᠠ᠂ ᠠᠵᠢᠯ ᠤᠨ ᠶᠠᠪᠤᠴᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠠᠰᠠᠭᠤᠳᠠᠯ᠂ ᠵᠦᠶ ᠵᠣᠬᠢᠰᠲᠠᠶ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ  ᠰᠢᠢᠳᠪᠦᠷᠢᠯᠡᠬᠦ ᠪᠠ  ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤ ᠶᠢ ᠨᠠᠩ ᠲᠦᠷᠭᠡᠨ ᠵᠠᠯᠭᠠᠵᠤ᠂ ᠨᠠᠩ ᠣᠨᠣᠪᠴᠢᠲᠠᠶ ᠬᠤᠪᠢᠶᠠᠵᠤ᠂ ᠨᠠᠩ ᠪᠣᠳᠠᠲᠠᠶ ᠡᠷᠭᠢᠯᠡᠵᠦ᠂ ᠳᠥᠭᠦᠮ ᠳᠥᠲᠡ᠂ ᠥᠨᠳᠥᠷ ᠪᠦᠲᠦᠮᠵᠢᠲᠡᠶ᠂ ᠵᠢᠷᠤᠮᠵᠢᠯ ᠲᠠᠢ᠂ ᠤᠬᠠᠭᠠᠯᠢᠭ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ︽ᠶᠡᠷᠦᠩᠬᠡᠶ  ᠦᠢᠯᠡᠴᠢᠯᠡᠭᠡᠨ ᠤ  ᠦᠢᠯᠡᠴᠢᠯᠡᠭᠡ︾ ᠶᠢ ᠪᠣᠶ ᠪᠣᠯᠭᠠᠨ᠎ᠠ ᠃ ᠨᠡᠶᠢᠯᠡᠭᠦᠯᠬᠦ ᠠᠷᠭ᠎ᠠ ᠮᠠᠶ᠋ᠢᠭ ᠲᠤ ᠪᠦᠬᠦᠯᠢ ᠴᠣᠭᠴᠠ ᠶᠢ ᠨᠡᠶᠢᠯᠡᠭᠦᠯᠬᠦ᠂ ᠬᠤᠣᠰ ᠳ᠋ᠤᠭᠠᠷ ᠢ ᠵᠡᠷᠭᠡᠴᠡᠭᠦᠯᠬᠦ᠂ ᠬᠤᠪᠢᠶᠠᠷᠢ ᠲᠥᠪ ᠭᠠᠷᠭᠠᠬᠤ ᠶᠢ ᠪᠠᠭᠲᠠᠭᠠᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ