ᠸᠠᠩ ᡁᠢ ᠫᠢᠩ ᠭᠠᠭᠴᠠᠮᠤᠳᠤ  ᠬᠢᠯᠢ ᠶᠢᠨ ᠪᠣᠭᠤᠮᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/8/23
      8 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠸᠠᠩ ᡁᠢ ᠫᠢᠩ  ᠭᠠᠭᠴᠠᠮᠣᠳᠣ ᠬᠢᠯᠢ ᠶᠢᠨ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠬᠤ ᠳᠠᠭᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃       ᠸᠠᠩ ᡁᠢ ᠫᠢᠩ ᠤᠷᠢᠳ ᠬᠤᠵᠢᠳ ᠭᠠᠭᠴᠠᠮᠤᠳᠤ  ᠬᠢᠯᠢ ᠶᠢᠨ ᠪᠣᠭᠤᠮᠲᠠ ᠶᠢᠨ ᠪᠣᠭᠤᠮᠲᠠ ᠥᠩᠭᠡᠷᠡᠬᠦ ᠦᠢᠯᠡᠴᠢᠯᠡᠭᠡᠨ ᠤ ᠲᠥᠪ᠂ ᠪᠣᠭᠤᠮᠲᠠ ᠶᠢᠨ H986 ᠮᠠᠰᠢᠨ ᠤ ᠪᠠᠶᠢᠴᠠᠭᠠᠨ ᠰᠢᠯᠭᠠᠬᠤ ᠲᠥᠪ᠂ ︽ᠲᠤᠯᠤᠭ᠎ᠠ ᠪᠠᠷ ᠣᠷᠣᠵᠤ ᠠᠷᠪᠠᠨ ᠬᠤᠶᠠᠷ ᠢᠶᠠᠷ ᠭᠠᠷᠬᠤ︾ ᠤᠶᠤᠨᠲᠤ ᠪᠣᠭᠤᠮᠲᠠ ᠥᠩᠭᠡᠷᠡᠬᠦ ᠶᠡᠭᠡ ᠲᠢᠩᠬᠢᠮ ᠵᠡᠷᠭᠡ ᠭᠠᠵᠠᠷ ᠲᠤ ᠬᠦᠷᠴᠡᠢ᠃ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢᠨ ᠬᠢᠵᠢᠭ ᠪᠠᠶᠢᠴᠠᠭᠠᠵᠤ ᠠᠷᠢᠭᠤᠳᠬᠠᠬᠤ᠂ ᠮᠣᠩᠭᠤᠯ ᠤᠯᠤᠰ ᠤᠨ ᠬᠠᠷᠢᠶ᠎ᠠ ᠲᠠᠢ ᠵᠢᠯᠣᠭᠤᠴᠢ ᠶᠢᠨ ᠬᠠᠮᠢᠶᠠᠷᠤᠯᠲᠠ᠂ ᠬᠢᠵᠢᠭ ᠪᠠᠶᠢᠴᠠᠭᠠᠵᠤ ᠪᠠᠶᠢᠴᠠᠭᠠᠨ ᠬᠡᠮᠵᠢᠬᠦ ᠶᠠᠪᠤᠴᠠ᠂ ᠪᠢᠲᠡᠭᠦᠦ ᠴᠠᠭᠠᠷᠢᠭ ᠮᠠᠶ᠋ᠢᠭ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠣᠷᠣᠵᠤ ᠢᠷᠡᠬᠦ ᠶᠢ ᠰᠡᠷᠭᠡᠶᠢᠯᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠣᠷᠣᠵᠤ ᠢᠷᠡᠬᠦ ᠶᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃       ᠪᠣᠭᠤᠮᠲᠠ ᠶᠢᠨ ︽ᠳᠣᠯᠤᠭ᠎ᠠ  ᠪᠠᠷ ᠣᠷᠣᠵᠤ ᠠᠷᠪᠠᠨ ᠬᠤᠶᠠᠷ ᠢᠶᠠᠷ ᠭᠠᠷᠬᠤ︾ ᠪᠣᠭᠤᠮᠲᠠ ᠪᠠᠷ ᠥᠩᠭᠡᠷᠡᠬᠦ ᠣᠶᠤᠨᠲᠤ ᠶᠡᠭᠡ ᠲᠢᠩᠬᠢᠮ ᠳᠤ᠂ ᠸᠠᠩ ᡁᠢ ᠫᠢᠩ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂  ᠭᠠᠭᠴᠠᠮᠣᠳᠣ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠤᠨ ᠳᠤᠭᠤᠶᠢᠯᠠᠩ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠡᠷᠭᠡᠶᠢᠯᠡᠨ ᠬᠢᠵᠠᠭᠠᠷᠯᠠᠬᠤ ᠨᠠᠷᠢᠨ ᠲᠦᠷᠢᠮ ᠢ ᠰᠤᠳᠤᠯᠤᠨ ᠲᠣᠭᠲᠠᠭᠠᠵᠤ᠂ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠸᠠᠩ ᡁᠢ ᠫᠢᠩ᠂ ᠭᠠᠭᠴᠠᠮᠤᠳᠤ  ᠬᠢᠯᠢ ᠶᠢᠨ ᠪᠣᠭᠤᠮᠲᠠ ᠪᠣᠯ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠳᠤ ᠨᠡᠬᠡᠬᠡᠯᠳᠡ ᠬᠢᠬᠦ ᠪᠠᠬᠢᠯᠡᠯᠲᠡ ᠪᠣᠯᠤᠨ᠎ᠠ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃       ᠸᠠᠩ ᡁᠢ ᠫᠢᠩ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠠᠮᠤᠭ ᠤᠨ ᠴᠢᠩᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠨ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠵᠦ᠂ ᠣᠷᠣᠭᠤᠯᠬᠤ ᠲᠦᠭᠰᠢᠭᠦᠷᠢ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ ᠬᠢᠵᠢᠭ ᠪᠠᠶᠢᠴᠠᠭᠠᠵᠤ ᠪᠠᠶᠢᠴᠠᠭᠠᠨ ᠬᠡᠮᠵᠢᠬᠦ ᠶᠠᠪᠤᠴᠠ ᠶᠢ ᠨᠠᠷᠢᠨ ᠨᠢᠮᠪᠠᠶ ᠡᠮᠬᠢᠯᠡᠵᠦ᠂ ᠰᠡᠷᠭᠡᠶᠢᠯᠡᠨ ᠡᠵᠡᠮᠳᠡᠬᠦ ᠠᠵᠢᠯ ᠤᠨ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠦᠨ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠥᠨᠳᠥᠷ ᠪᠦᠲᠦᠮᠵᠢᠲᠡᠶ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠣᠯᠭᠠᠭᠤᠯᠬᠤ ᠶᠢ ᠴᠢᠩᠭᠠᠳᠬᠠᠨ᠂ ᠠᠵᠢᠯ ᠤᠨ ᠭᠤᠭᠴᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠰᠢᠯᠢᠳᠡᠭᠵᠢᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠬᠠᠯᠠᠨ ᠰᠠᠶᠢᠵᠢᠷᠠᠭᠤᠯᠵᠤ᠂ ᠡᠯ᠎ᠡ ᠵᠦᠶ᠋ᠯ ᠤᠨ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠢᠯᠢ ᠪᠠᠷ ᠣᠷᠣᠵᠤ ᠢᠷᠡᠭᠰᠡᠳ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠵᠡᠷᠭᠡ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠢᠭᠰᠢᠨ ᠪᠠᠶᠢᠴᠠᠭᠠᠬᠤ ᠶᠢ ᠴᠢᠩᠭᠠᠳᠬᠠᠵᠤ᠂ ᠨᠡᠩ ᠬᠠᠨᠳᠤᠯᠭᠠᠲᠤ ᠴᠢᠨᠠᠷᠲᠠᠢ ᠪᠠᠶᠢᠴᠠᠭᠠᠨ ᠰᠢᠯᠭᠠᠬᠤ ᠠᠷᠭ᠎ᠠ ᠶᠢ ᠠᠪᠴᠤ᠂ ᠤᠨᠢᠨ ᠳᠡᠭᠡᠷ᠎ᠡ ᠨᠢ ᠢᠯᠭᠠᠨ ᠲᠠᠨᠢᠵᠤ᠂ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ ᠬᠡᠷᠡᠭᠲᠡᠢ᠃ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ᠪᠣᠭᠤᠮᠲᠠ ᠶᠢᠨ ᠪᠢᠲᠡᠭᠦᠦ ᠴᠠᠭᠠᠷᠢᠭ ᠢ ᠬᠠᠮᠢᠶᠠᠷᠤᠨ ᠡᠵᠡᠮᠳᠡᠬᠦ ᠶᠢ ᠦᠨᠡᠨᠬᠦ ᠪᠡᠶᠡᠯᠡᠭᠦᠯᠵᠦ᠂ ᠭᠠᠳᠠᠭᠠᠳᠤ ᠰᠡᠷᠭᠡᠶᠢᠯᠡᠯᠲᠡ ᠶᠢᠨ ᠪᠣᠭᠤᠮᠲᠠ ᠶᠢ ᠡᠷᠡᠰ ᠡᠵᠡᠮᠳᠡᠵᠦ᠂ ᠬᠢᠯᠢ ᠶᠢᠨ ᠭᠠᠳᠠᠨ᠎ᠠ ᠠᠴᠠ ᠬᠢᠵᠢᠭ ᠤᠨ ᠪᠠᠶᠢᠳᠠᠯ ᠣᠷᠣᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ