ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/8/24
      2021 ᠣᠨ ᠤ 8 ᠳ᠋ᠤᠭᠠᠷ ᠰᠠᠷ᠎ᠠ ᠶᠢᠨ 22 ᠤᠨ ᠡᠳᠦᠷ ᠤᠨ 7 ᠴᠠᠭ ᠠᠴᠠ 8 ᠳ᠋ᠤᠭᠠᠷ ᠰᠠᠷ᠎ᠠ ᠶᠢᠨ 23 ᠤ ᠡᠳᠦᠷ ᠤᠨ 7 ᠴᠠᠭ ᠪᠣᠯᠲᠠᠯ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠂ 1 ᠡᠪᠡᠳᠴᠢᠲᠡᠨ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠡᠷᠡᠭᠦᠯᠵᠢᠵᠦ ᠡᠮᠨᠡᠯᠭᠡ ᠠᠴᠠ ᠭᠠᠷᠪᠠ᠃ 2021 ᠣᠨ ᠤ 8 ᠳ᠋ᠤᠭᠠᠷ ᠰᠠᠷ᠎ᠠ ᠶᠢᠨ 23 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠲᠤᠬᠠᠢ ᠭᠠᠵᠠᠷ ᠲᠤ ᠲᠣᠳᠣᠯᠠᠭᠰᠠᠨ ᠡᠪᠡᠳᠴᠢᠨ ᠤ ᠵᠢᠱᠢᠶ᠎ᠡ 1 ︵ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠲᠤ︶ ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ