ᠭᠤᠴᠢᠨ ᠲᠤᠯᠤᠲᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 8 ᠤ ᠡᠳᠦᠷ ᠪᠦᠬᠦ ᠤᠯᠤᠰ ᠤᠨ ᠶᠡᠭᠡ ᠳᠡᠭᠡᠳᠦ | ᠰᠤᠷᠭᠠᠭᠤᠯᠢ ᠶᠢᠨ ᠬᠤᠸᠠᠩ ᠳ᠋ᠠ ᠨᠢᠶᠠᠠ ᠮᠠᠶ᠋ᠢᠭ ᠤᠨ ᠪᠠᠭᠰᠢ ᠶᠢᠨ ᠪᠦᠯᠬᠦᠮ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠴᠢᠩ | ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠥᠭᠡᠳ ᠪᠦᠬᠦ ᠤᠯᠤᠰ ᠤᠨ ᠥᠷᠭᠡᠨ ᠤᠯᠠᠨ ᠪᠠᠭᠰᠢ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ | ᠰᠡᠳᠬᠢᠯ ᠤᠨ ᠵᠥᠩᠨᠡᠯ ᠳᠡᠪᠰᠢᠭᠦᠯᠪᠡ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠬᠤᠸᠠᠩ ᠳ᠋ᠠ ᠨᠢᠶᠠᠨ ᠨᠥᠬᠦᠷ ᠢᠶᠠᠷ ᠳᠠᠭᠤᠷᠢᠶᠠᠯ ᠪᠣᠯᠭᠠᠵᠤ᠂ ᠲᠤᠬᠠᠶᠢᠯᠠᠭᠰᠠᠨ ᠠᠵᠢᠯ ᠤᠨ | ᠪᠠᠶᠢᠷᠢ ᠳᠠᠭᠠᠨ ᠰᠠᠭᠤᠷᠢᠯᠠᠨ᠂ ᠪᠦᠯᠬᠦᠮ ᠤᠨ ᠬᠦᠴᠦᠨ ᠢ ᠨᠢᠭᠲᠠᠷᠠᠭᠤᠯᠵᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ | ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠪᠠᠶᠠᠷᠯᠠᠭᠤᠰᠢᠲᠠᠢ ᠠᠮᠵᠢᠯᠲᠠ ᠣᠯᠤᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠦ ᠢᠯᠡᠳᠭᠡᠪᠡ᠃ | ᠰᠢ ᠶᠢᠨ ᠫᠢᠩ᠂ ᠰᠠᠶᠢᠨ ᠪᠠᠭᠰᠢ ᠡᠷᠲᠡᠮ ᠮᠡᠲᠡᠯᠭᠡ ᠪᠠᠨ ᠲᠡᠭᠡᠭᠰᠢᠯᠡᠭᠦᠯᠤᠨ ᠬᠦᠮᠦᠨ ᠢ ᠰᠤᠷᠭᠠᠵᠦ᠂ ᠦᠢᠯᠡ ᠠᠵᠢᠯᠯᠠᠭ᠎ᠠ ᠪᠠᠷ ᠢᠶᠠᠨ ᠬᠦᠮᠦᠰ ᠲᠤ ᠬᠡᠪ | ᠳᠠᠭᠤᠷᠢᠶᠠᠯ ᠪᠤᠯᠬᠤ ᠭᠡᠷᠡᠭᠲᠡᠢ᠃ ᠲᠠ ᠨᠠᠷ ᠬᠤᠸᠠᠩ ᠳ᠋ᠠ ᠨᠢᠶᠠᠨ ᠨᠥᠬᠦᠷ ᠵᠡᠷᠭᠡ ᠰᠢᠯᠢᠳᠡᠭ ᠪᠠᠭᠰᠢ ᠶᠢᠨ ᠡᠷᠬᠢᠮ ᠳᠡᠭᠡᠳᠦ ᠵᠣᠷᠢᠭ ᠰᠠᠨᠠᠭ᠎ᠠ ᠶᠢ ᠦᠷᠭᠦᠯᠵᠢᠯᠡᠨ | ᠰᠤᠷᠤᠯᠴᠠᠨ ᠪᠠᠳᠠᠷᠠᠭᠤᠯᠵᠤ᠂ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠥᠷᠭᠡᠨ ᠤᠯᠠᠨ ᠪᠠᠭᠰᠢ ᠨᠠᠷ ᠲᠠᠢ ᠬᠠᠮᠲᠤ ᠪᠠᠷ ᠶᠣᠰᠣ ᠰᠤᠷᠲᠠᠬᠤᠨ ᠢᠶᠠᠷ | ᠪᠡᠶ᠎ᠡ ᠪᠠᠨ ᠵᠠᠰᠠᠵᠤ᠂ ᠨᠢᠬᠡᠨ ᠰᠡᠳᠬᠢᠯ ᠢᠶᠠᠷ ᠡᠷᠳᠡᠮ ᠰᠢᠨᠵᠢᠯᠡᠭᠡᠨ ᠬᠢᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠷᠲᠡᠮ ᠰᠢᠨᠵᠢᠯᠡᠬᠡᠨ ᠬᠢᠬᠦ ᠤᠢᠢᠯᠡᠰ ᠪᠥᠲᠥᠬᠡᠬᠦ | ᠬᠥᠮᠥᠨ ᠪᠤᠯᠬᠤ ᠶᠢ ᠨᠢᠭᠡᠳᠬᠡᠵᠦ᠂ ᠰᠤᠷᠤᠭᠴᠢᠳ ᠤᠨ ᠦᠰᠦᠨ ᠪᠤᠶᠢᠵᠢᠯᠳᠠ ᠶᠢᠨ ᠵᠠᠮᠴᠢ ᠪᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ | ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠨᠡᠶᠢᠭᠡᠮ | ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠲᠠᠰᠤᠷᠠᠯᠳᠠ ᠦᠭᠡᠢ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ᠃ | 2017 ᠣᠨ ᠳᠤ᠂ ᠶᠡᠷᠦᠩᠬᠡᠢ ᠱᠦᠵᠢ ᠰᠢ ᠶᠢᠨ ᠫᠢᠩ ᠬᠢᠷᠢᠨ ᠶᠡᠭᠡ ᠰᠤᠷᠭᠠᠭᠤᠯᠢ ᠶᠢᠨ ᠳᠡᠯᠡᠬᠡᠢ ᠶᠢᠨ ᠪᠥᠮᠪᠥᠷᠴᠡᠭ ᠢ ᠬᠠᠶᠢᠨ ᠬᠡᠮᠵᠢᠬᠦ ᠰᠢᠨᠵᠢᠯᠡᠬᠦ | ᠤᠬᠠᠭᠠᠨ ᠬᠢᠭᠡᠳ ᠲᠧᠭᠨᠢᠭ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠬᠤᠸᠠᠩ ᠳ᠋ᠠ ᠨᠢᠶᠠᠨ ᠤ ᠲᠡᠷᠢᠭᠦᠨ ᠤ ᠦᠢᠯᠡ ᠠᠵᠢᠯᠯᠠᠭ᠎ᠠ ᠳᠤ ᠴᠢᠬᠤᠯᠠ | ᠵᠢᠭᠠᠪᠤᠷᠢ ᠥᠭᠪᠡ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠰᠤᠷᠭᠠᠨ ᠬᠥᠮᠦᠵᠢᠯ ᠤᠨ ᠶᠠᠮᠤᠨ 2017 ᠣᠨ ᠳᠤ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠬᠤᠸᠠᠩ ᠳ᠋ᠠ ᠨᠢᠶᠠᠠ ᠮᠠᠶ᠋ᠢᠭ ᠤᠨ | ᠪᠠᠭᠰᠢ ᠶᠢᠨ ᠪᠦᠯᠬᠦᠮ ᠢ ᠡᠭᠦᠲᠦᠨ ᠪᠠᠶᠢᠭᠤᠯᠬᠤ ᠠᠵᠢᠯᠯᠠᠭ᠎ᠠ ᠶᠢ ᠡᠬᠢᠯᠡᠭᠦᠯᠵᠦ᠂ ᠲᠦᠷᠦᠭᠦᠦ ᠪᠦᠯᠦᠭ ᠤᠨ ᠬᠢᠨᠡᠨ ᠲᠣᠭᠲᠠᠭᠠᠭᠰᠠᠨ 201 ᠪᠠᠭᠰᠢ ᠶᠢᠨ ᠪᠦᠯᠬᠦᠮ ᠨᠢ | ᠪᠥᠬᠦ ᠤᠯᠤᠰ ᠤᠨ 200 ᠶᠡᠭᠡ ᠳᠡᠭᠡᠳᠦ ᠰᠤᠷᠭᠠᠭᠤᠯᠢ ᠪᠠᠷ ᠲᠥᠬᠡᠵᠥ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠲᠥᠷᠥᠯ ᠵᠦᠢᠯ ᠪᠠ ᠵᠡᠭᠦᠨ ᠳᠤᠮᠳᠠ ᠪᠠᠷᠠᠭᠤᠨ | ᠤᠷᠤᠨ ᠤ ᠡᠯ᠎ᠡ ᠮᠤᠵᠢ ᠶᠢ ᠬᠠᠮᠤᠷᠤᠭᠰᠠᠨ ᠪᠠᠶᠢᠨ᠎ᠠ᠃ ᠣᠶᠢᠷ᠎ᠠ ᠳᠤ᠂ ᠲᠦᠷᠦᠭᠦᠦ ᠪᠦᠯᠦᠭ ᠤᠨ ᠪᠠᠭᠰᠢ ᠶᠢᠨ ᠪᠦᠯᠬᠦᠮ ᠤᠨ ᠲᠥᠯᠥᠭᠡᠯᠡᠭᠴᠢ ᠶᠡᠷᠦᠩᠬᠡᠶ ᠱᠦᠵᠢ | ᠰᠢ ᠶᠢᠨ ᠫᠢᠩ ᠳᠤ ᠵᠠᠬᠢᠳᠠᠯ ᠪᠢᠴᠢᠵᠦ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ | ᠰᠤᠷᠭᠠᠨ ᠬᠥᠮᠦᠵᠢᠯ ᠢᠶᠠᠷ ᠤᠯᠤᠰ ᠲᠠᠭᠠᠨ ᠵᠢᠳᠬᠦᠬᠦ ᠬᠦᠰᠡᠯᠡᠩ ᠢᠶᠠᠨ ᠪᠠᠲᠤ ᠰᠠᠬᠢᠵᠤ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠨ ᠴᠢᠳᠠᠯ ᠢᠶᠠᠨ ᠡᠷᠭᠦᠬᠦ | ᠡᠷᠴᠢ ᠵᠣᠷᠢᠭ ᠢᠶᠠᠨ ᠢᠯᠡᠳᠬᠡᠭᠰᠡᠨ ᠪᠠᠶᠢᠨ᠎ᠠ᠃ |