ᠮᠠᠨ ᠤ ᠣᠷᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠮᠤᠭ ᠤᠨ ᠳᠣᠣᠷ᠎ᠠ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2021/9/14
      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠭᠤᠯᠤᠨ ᠵᠥᠪᠰᠢᠶᠡᠷᠡᠭᠦᠯᠦᠭᠡᠳ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠮᠤᠭ ᠤᠨ ᠳᠣᠣᠷ᠎ᠠ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠶᠢᠨ 140 ᠲᠥᠭᠦᠷᠢᠭ ᠪᠣᠯᠲᠠᠯ᠎ᠠ ᠳᠡᠭᠡᠭᠰᠢᠯᠡᠭᠦᠯᠪᠡ᠂ ᠲᠤᠬᠠᠶᠢᠯᠠᠪᠠᠯ ᠤᠤᠯ ᠤᠨ ᠬᠥᠮᠦᠨ ᠪᠦᠷᠢ ᠰᠠᠷ᠎ᠠ ᠶᠢᠨ 133 ᠲᠥᠭᠦᠷᠢᠭ ᠤᠨ ᠰᠠᠭᠤᠷᠢᠨ ᠳᠡᠭᠡᠷ᠎ᠡ 7 ᠲᠥᠭᠦᠷᠢᠭ ᠨᠡᠮᠡᠵᠦ᠂ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠠᠯᠠ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠱᠠᠲᠤ ᠬᠤᠪᠢᠶᠠᠨ ᠡᠭᠦᠷᠭᠡᠯᠡᠨ᠎ᠡ᠃ ᠡᠨᠡ ᠪᠣᠯ ᠮᠠᠨ ᠤ ᠣᠷᠣᠨ 2011 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠢ ᠪᠠᠶᠢᠭᠤᠯᠤᠭᠰᠠᠨ ᠠᠴᠠ ᠨᠠᠭᠠᠰᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠶᠢᠰᠦᠳᠡᠬᠢ ᠤᠳᠠᠭ᠎ᠠ ᠳᠡᠭᠡᠭᠰᠢᠯᠡᠭᠦᠯᠵᠦ ᠪᠠᠶᠢᠭ᠎ᠠ ᠶᠠᠪᠤᠳᠠᠯ ᠪᠠᠶᠢᠵᠤ᠂ ᠲᠣᠰ ᠲᠥᠷᠥ ᠶᠢᠨ ᠪᠣᠳᠣᠯᠭ᠎ᠠ ᠨᠢ ᠪᠥᠬᠦ ᠣᠷᠣᠨ ᠤ 260 ᠭᠠᠷᠤᠶ ᠲᠦᠮᠡᠨ ᠬᠠᠷᠠᠭᠠᠯᠵᠠᠯ ᠭᠥᠷᠳᠡᠭᠰᠡᠳ ᠲᠤ ᠠᠰᠢᠭ ᠬᠦᠷᠲᠡᠭᠡᠬᠦ ᠪᠣᠯᠤᠨ᠎ᠠ᠃       2011 ᠣᠨ ᠳᠤ᠂ ᠮᠠᠨ ᠤ ᠣᠷᠣᠨ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠰᠢᠨ᠎ᠡ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠡᠶᠢᠯᠡᠭᠦᠯᠵᠦ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠢᠮ ᠪᠠᠶᠢᠭᠤᠯᠬᠤ ᠳᠤ ᠤᠯᠤᠰ ᠤᠨ ᠲᠣᠭᠲᠠᠭᠠᠭᠰᠠᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ 55 ᠲᠥᠭᠦᠷᠢᠭ ᠤᠨ ᠪᠠᠷᠢᠮᠵᠢᠶ᠎ᠠ ᠶᠢ 5 ᠲᠥᠭᠦᠷᠢᠭ ᠳᠡᠭᠡᠭᠰᠢᠯᠡᠭᠦᠯᠵᠦ᠂ 60 ᠲᠥᠭᠦᠷᠢᠭ ᠪᠣᠯᠭᠠᠪᠠ᠃ ᠡᠨᠡ ᠤᠳᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠨᠢ 2011 ᠣᠨ ᠤ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠠᠴᠠ 2 ᠳᠠᠬᠢᠨ ᠢᠯᠡᠭᠦᠦ ᠨᠡᠮᠡᠭᠳᠡᠭᠦᠯᠵᠡᠢ᠃       ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠵᠤ ᠬᠡᠰᠡᠭ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤ ᠨᠢ ᠭᠦᠢᠴᠡᠳ ᠲᠠᠷᠬᠠᠭᠠᠵᠤ᠂ ᠪᠣᠳᠠᠲᠤ ᠶᠠᠪᠤᠳᠠᠯ ᠢ ᠰᠠᠶᠢᠲᠤᠷ ᠬᠢᠵᠦ᠂ ᠪᠣᠳᠠᠲᠠᠶ ᠪᠠᠷ ᠬᠢᠵᠦ ᠪᠣᠳᠠᠲᠠᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠡᠮᠡᠭᠳᠡᠭᠦᠯᠪᠡ᠃
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ