ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠮᠠᠨ ᠤ | ᠣᠷᠣᠨ ᠣᠷᠣᠨ ᠨᠤᠲᠤᠭ ᠤᠨ ᠠᠮᠤ ᠪᠤᠳᠠᠭ᠎ᠠ ᠨᠥᠭᠡᠴᠡᠯᠡᠬᠦ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠠᠮᠤ ᠪᠤᠳᠠᠭ᠎ᠠ ᠶᠢ | ᠵᠠᠬ᠎ᠠ ᠳᠡᠯᠭᠡᠭᠦᠷ ᠲᠤ ᠬᠠᠳᠠᠭᠠᠯᠠᠬᠤ︾ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠡᠳ᠋ᠰᠢᠭᠦᠯᠬᠦ ᠠᠵᠤ ᠠᠬᠤᠶᠢᠯᠠᠯ ᠳᠤ | ᠲᠤᠲᠤᠷᠭ᠎ᠠ᠂ ᠪᠤᠭᠤᠳᠠᠶ᠂ ᠡᠷᠳᠡᠨᠢ ᠰᠢᠰᠢ ᠪᠣᠯᠤᠨ ᠢᠳᠡᠰᠢᠨ ᠤ ᠤᠷᠭᠤᠮᠠᠯ ᠤᠨ ᠲᠣᠰᠣ ᠪᠠᠷ ᠭᠤᠤᠯ ᠪᠣᠯᠭᠠᠭᠰᠠᠨ ᠨᠡᠶᠢᠭᠡᠮ ᠤᠨ ᠬᠠᠷᠢᠭᠤᠴᠠᠯᠭᠠᠲᠤ ᠨᠥᠭᠡᠴᠡᠯᠡᠬᠦ | ᠲᠦᠷᠢᠮ ᠢ ᠪᠠᠶᠢᠭᠤᠯᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠤ ᠨᠥᠭᠡᠴᠡᠯᠡᠯᠲᠡ ᠬᠢᠭᠡᠳ ᠠᠵᠤ ᠠᠬᠤᠶᠢᠯᠠᠯ ᠤᠨ ᠨᠥᠭᠡᠴᠡᠯᠡᠯᠲᠡ | ᠬᠠᠷᠢᠯᠴᠠᠨ ᠨᠥᠬᠦᠪᠥᠷᠢᠯᠡᠭᠰᠡᠨ ᠪᠥᠬᠦ ᠨᠡᠶᠢᠭᠡᠮ ᠤᠨ ᠨᠥᠭᠡᠴᠡᠯᠡᠯᠲᠡ ᠶᠢ ᠬᠠᠮᠲᠤ ᠪᠠᠷ ᠡᠭᠦᠷᠭᠡᠯᠡᠬᠦ ᠲᠣᠭᠲᠠᠴᠠ ᠶᠢ ᠴᠢᠷᠮᠠᠶᠢᠨ ᠪᠣᠶ ᠪᠣᠯᠭᠠᠬᠤ ᠪᠠᠷ ᠪᠣᠯᠪᠠ᠃ | ᠣᠶᠢᠷ᠎ᠠ ᠳᠤ᠂ ᠥᠪᠥᠷ ᠮᠣᠩᠭᠤᠯ ᠤᠨ ᠬᠤᠸᠠ ᠮᠣᠣ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 23 ᠳᠠᠭᠠᠭᠠᠴᠢᠯᠠᠨ | ᠬᠠᠳᠠᠭᠠᠯᠠᠬᠤ ᠠᠵᠤ ᠠᠬᠤᠶᠢᠯᠠᠯ ᠢᠷᠠᠭᠤ ᠠᠯᠳᠠᠷᠲᠠᠢ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠬᠠᠷᠢᠭᠤᠴᠠᠯᠭᠠᠲᠤ ᠨᠥᠭᠡᠴᠡ | ᠠᠮᠤ ᠲᠣᠰᠣ ᠡᠳ᠋ᠰᠢᠭᠦᠯᠬᠦ ᠠᠵᠤ ᠠᠬᠤᠶᠢᠯᠠᠯ︾ ᠭᠡᠬᠦ ᠢᠯᠡᠷᠬᠡᠶᠢᠯᠡᠯ ᠬᠦᠷᠲᠡᠭᠰᠡᠨ ᠨᠢ ᠪᠥᠬᠦ ᠣᠷᠣᠨ ᠤ ᠠᠩᠬᠠᠨ ᠤ ᠪᠦᠯᠦᠭ ᠨᠡᠶᠢᠭᠡᠮ ᠤᠨ ᠬᠠᠷᠢᠭᠤᠴᠠᠯᠭᠠᠲᠤ ᠨᠥᠭᠡᠴᠡ | ᠠᠮᠤ ᠲᠣᠰᠣ ᠶᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠤᠭᠰᠠᠨ ᠢ ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠪᠦᠬᠦ ᠣᠷᠣᠨ ᠤ ᠰᠠᠶᠢᠨ | ᠳᠤᠷ᠎ᠠ ᠠᠴᠠ ᠪᠠᠨ ᠳᠠᠭᠠᠭᠠᠴᠢᠯᠠᠨ ᠬᠠᠳᠠᠭᠠᠯᠠᠬᠤ ᠠᠵᠤ ᠠᠬᠤᠶᠢᠯᠠᠯ ᠤᠨ ᠪᠠᠶᠢᠳᠠᠯ ᠢ ᠤᠶᠢᠯᠠᠭᠠᠨ ᠳᠡᠪᠲᠡᠷᠯᠡᠭᠰᠡᠨ ᠤ ᠳᠠᠷᠠᠭ᠎ᠠ᠂ ᠣᠯᠠᠨ ᠤᠳᠠᠭ᠎ᠠ ᠪᠠᠶᠢᠴᠠᠭᠠᠨ | ᠰᠤᠳᠤᠯᠵᠤ ᠨᠤᠲᠠᠯᠠᠬᠤ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ᠂ ᠬᠠᠮᠲᠤ ᠪᠠᠷ ᠰᠤᠳᠤᠯᠬᠤ ᠪᠠᠷ ᠳᠡᠮᠵᠢᠨ᠂ ᠠᠵᠤ ᠠᠬᠤᠶᠢᠯᠠᠯ ᠤᠨ ᠲᠠᠷᠬᠠᠯᠲᠠ᠂ | ᠡᠳ᠋ᠰᠢᠭᠦᠯᠬᠦ ᠦᠢᠯᠡᠳᠬᠦᠨ ᠤ ᠲᠥᠷᠥᠯ ᠵᠦᠢᠯ ᠤᠨ ᠴᠢᠳᠠᠪᠤᠷᠢ᠂ ᠠᠵᠤ ᠠᠬᠤᠶᠢᠯᠠᠯ ᠤᠨ ᠪᠠᠶᠢᠭ᠎ᠠ ᠣᠷᠣᠨ ᠪᠦᠰᠡ ᠶᠢᠨ ᠠᠮᠤ ᠪᠤᠳᠠᠭᠠᠨ ᠤ ᠤᠨᠠᠯᠲᠠ ᠶᠢᠨ ᠣᠨᠴᠠᠯᠢᠭ᠂ | ᠵᠠᠰᠠᠭ ᠤᠨ ᠣᠷᠳᠣᠨ ᠤ ᠠᠮᠤ ᠪᠤᠳᠠᠭ᠎ᠠ ᠨᠦᠭᠡᠴᠡᠯᠡᠬᠦ ᠬᠡᠪᠴᠢᠶ᠎ᠡ ᠪᠠ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ ᠳᠠᠭᠠᠭᠠᠴᠢᠯᠠᠨ ᠬᠠᠳᠠᠭᠠᠯᠠᠬᠤ ᠬᠡᠪᠴᠢᠶ᠎ᠡ | ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠡᠴᠦᠰ ᠲᠤ ᠪᠠᠨ ᠬᠢᠩᠭᠠᠨ ᠠᠶᠢᠮᠠᠭ ᠢ ᠨᠡᠶᠢᠭᠡᠮ ᠤᠨ ᠬᠠᠷᠢᠭᠤᠴᠠᠯᠭᠠᠲᠤ | ᠨᠥᠭᠡᠴᠡᠯᠡᠯᠲᠡ ᠶᠢᠨ ᠲᠤᠷᠰᠢᠯᠲᠠ ᠶᠢᠨ ᠴᠡᠭ ᠤᠨ ᠠᠶᠢᠮᠠᠭ ᠬᠤᠲᠠ ᠪᠣᠯᠭᠠᠪᠠ᠃ ᠡᠭᠦᠨ ᠤ ᠬᠠᠮᠲᠤ ᠬᠢᠩᠭᠠᠨ ᠠᠶᠢᠮᠠᠭ ᠤᠨ ᠭᠤᠶᠤᠴᠢᠯᠠᠨ ᠮᠡᠳᠡᠭᠦᠯᠦᠭᠰᠡᠨ 23 ᠠᠵᠤ | ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠭᠡᠮ ᠤᠨ ᠬᠠᠷᠢᠭᠤᠴᠠᠯᠭᠠᠲᠤ ᠨᠦᠭᠡᠴᠡ ᠠᠮᠤ ᠲᠣᠰᠣ ᠡᠳ᠋ᠰᠢᠭᠦᠯᠬᠦ ᠠᠩᠬᠠᠨ ᠤ ᠪᠦᠯᠦᠭ ᠤᠨ | ᠳᠠᠭᠠᠭᠠᠴᠢᠯᠠᠨ ᠬᠠᠳᠠᠭᠠᠯᠠᠬᠤ ᠠᠵᠤ ᠠᠬᠤᠶᠢᠯᠠᠯ ᠪᠣᠯᠭᠠᠬᠤ ᠪᠠᠷ ᠲᠣᠭᠲᠠᠭᠠᠪᠠ᠃ ᠡᠭᠦᠨ ᠤ ᠵᠡᠷᠭᠡ ᠳᠤ᠂ ᠲᠤᠷᠰᠢᠯᠲᠠ ᠶᠢᠨ ᠴᠡᠭ ᠤᠷᠢᠳ ᠢᠶᠠᠷ ᠵᠢᠱᠢᠶ᠎ᠡ ᠦᠵᠡᠭᠦᠯᠦᠨ᠂ | ᠣᠳᠣᠬᠠᠨ ᠳᠤ ᠨᠡᠶᠢᠭᠡᠮ ᠤᠨ ᠬᠠᠷᠢᠭᠤᠴᠠᠯᠭᠠᠲᠤ ᠨᠥᠭᠡᠴᠡ ᠠᠮᠤ ᠲᠣᠰᠣ ᠶᠢ 18080 ᠲᠣᠨ ᠢᠶᠠᠷ ᠬᠢᠨᠠᠨ ᠲᠣᠭᠲᠠᠭᠠᠵᠠᠶ᠃ | ᠵᠠᠯᠭᠠᠭᠠᠳ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠠᠴᠠ ᠨᠡᠶᠢᠭᠡᠮ ᠤᠨ ᠬᠠᠷᠢᠭᠤᠴᠠᠯᠭᠠᠲᠤ ᠨᠥᠭᠡᠴᠡ | ᠠᠮᠤ ᠲᠣᠰᠣᠨ ᠤ ᠲᠠᠩᠰᠠ ᠡᠪᠬᠡᠮᠡᠯ᠂ ᠰᠠᠩ ᠬᠥᠮᠥᠷᠭᠡ ᠶᠢᠨ ᠪᠡᠯᠡᠳᠬᠡᠮᠵᠢ ᠪᠠ ᠪᠣᠯᠵᠤᠭᠠᠲᠤ ᠲᠣᠭᠠᠨ ᠤ ᠢᠯᠡᠷᠬᠡᠶᠢᠯᠡᠯ ᠵᠡᠷᠭᠡ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠪᠠᠶᠢᠴᠠᠭᠠᠵᠤ ᠰᠢᠯᠭᠠᠨ ᠬᠤᠷᠢᠶᠠᠵᠤ ᠠᠪᠬᠤ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ᠎ᠠ᠃ ᠳᠠᠭᠠᠭᠠᠴᠢᠯᠠᠨ ᠬᠠᠳᠠᠭᠠᠯᠠᠬᠤ ᠠᠵᠤ | ᠠᠬᠤᠶᠢᠯᠠᠯ ᠳᠤ 10 ᠵᠦᠢᠯ ᠤᠨ ᠲᠤᠷᠰᠢᠯᠲᠠ ᠶᠢᠨ ᠴᠡᠭ ᠤᠨ ᠬᠠᠮᠢᠶᠠᠷᠤᠯᠲᠠ ᠶᠢᠨ ᠡᠭᠦᠷᠭᠡ ᠣᠯᠭᠤᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠬᠠᠷᠢᠭᠤᠴᠠᠯᠭᠠᠲᠤ ᠨᠦᠭᠡᠴᠡ ᠠᠮᠤ ᠲᠣᠰᠣ ᠡᠳ᠋ᠰᠢᠭᠦᠯᠬᠦ ᠠᠵᠤ ᠠᠬᠤᠶᠢᠯᠠᠯ ᠤᠨ ᠢᠯᠡ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠭᠤᠯᠵᠤ | ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢ ᠴᠢᠩᠭᠠᠷᠠᠭᠤᠯᠤᠨ᠂ ᠨᠡᠶᠢᠭᠡᠮ ᠤᠨ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢ ᠨᠢ ᠳᠡᠭᠡᠭᠰᠢᠯᠡᠭᠦᠯᠦᠨ᠎ᠡ᠃ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠣᠭᠲᠠᠭᠠᠵᠤ᠂ 2023 ᠣᠨ ᠳᠤ ᠪᠥᠬᠦ ᠣᠷᠣᠨ ᠤ ᠡᠯ᠎ᠡ ᠭᠠᠵᠠᠷ ᠲᠤ ᠨᠡᠶᠢᠭᠡᠮ ᠤᠨ ᠬᠠᠷᠢᠭᠤᠴᠠᠯᠭᠠᠲᠤ ᠨᠦᠭᠡᠴᠡ | ᠠᠮᠤ ᠲᠣᠰᠣᠨ ᠤ ᠲᠦᠷᠢᠮ ᠢ ᠨᠡᠶᠢᠳᠡᠮ ᠳᠥᠯᠭᠢᠨ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠳᠤ | ᠨᠡᠶᠢᠭᠡᠮ ᠤᠨ ᠬᠠᠷᠢᠭᠤᠴᠠᠯᠭᠠᠲᠤ ᠨᠥᠭᠡᠴᠡᠯᠡᠯᠲᠡ ᠶᠢᠨ ᠬᠡᠪᠴᠢᠶ᠎ᠡ ᠶᠢ ᠶᠡᠭᠡ ᠪᠠᠷ ᠳᠡᠭᠡᠭᠰᠢᠯᠡᠭᠦᠯᠬᠦ ᠪᠠᠷ ᠴᠢᠷᠮᠠᠶᠢᠨ᠎ᠠ᠃ | | | |