ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ 9 ᠰᠠᠷ᠎ᠠ ᠶᠢᠨ 10 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠲᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠠᠮᠤ ᠪᠤᠳᠠᠭᠠᠨ ᠤ ᠠᠮᠤᠷ ᠲᠦᠪᠰᠢᠨ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠳᠤ ᠬᠤᠯᠪᠣᠭᠳᠠᠬᠤ ᠦᠨᠳᠦᠰᠦᠨ ᠴᠢᠨᠠᠷᠲᠠᠢ | ᠠᠰᠠᠭᠤᠳᠠᠯ ᠪᠣᠯᠤᠨ᠎ᠠ᠂ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠵᠠᠮ | ᠪᠣᠯᠤᠨ᠎ᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠲᠤ ᠦᠷᠪᠢᠰᠦᠨ ᠳᠡᠯᠭᠡᠷᠡᠵᠦ᠂ ᠠᠮᠤ | ᠪᠤᠳᠠᠭᠠᠨ ᠤ ᠠᠮᠤᠷ ᠲᠦᠪᠰᠢᠨ ᠥᠷᠢᠰᠥᠯᠳᠦᠭᠡᠨ ᠳᠤ ᠲᠤᠯᠭᠠᠷᠠᠵᠤ ᠪᠤᠢ᠂ ᠳᠡᠯᠡᠬᠡᠢ ᠶᠢᠨ ᠡᠯ᠎ᠡ ᠤᠯᠤᠰ ᠲᠦᠷᠭᠡᠨ ᠬᠥᠳᠡᠯᠦᠯᠴᠡᠵᠦ᠂ ᠳᠡᠯᠡᠬᠡᠢ ᠶᠢᠨ ᠠᠮᠤ ᠪᠤᠳᠠᠭᠠᠨ ᠤ | ᠬᠤᠷᠣᠭᠳᠠᠭᠤᠯᠤᠯ ᠢ ᠦᠨᠡᠨ ᠬᠦ ᠪᠠᠭᠠᠰᠬᠠᠪᠠᠯ ᠵᠣᠬᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠢ ᠬᠤᠷᠠᠯᠳᠤᠭᠤᠯᠤᠭᠰᠠᠨ ᠪᠣᠯ ᠳᠤᠮᠳᠠᠳᠤ ᠶᠢᠨ ᠲᠠᠯ᠎ᠠ ᠶᠢᠨ | ᠨᠢᠳᠤᠨᠤᠨ ᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠠᠷᠪᠠᠨ ᠲᠠᠪᠤᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠡᠭᠡᠷ᠎ᠡ | ᠳᠤᠷᠠᠳᠤᠭᠰᠠᠨ ᠰᠠᠨᠠᠭᠠᠴᠢᠯᠠᠭ᠎ᠠ ᠪᠣᠯᠤᠨ᠎ᠠ᠃ ᠡᠯ᠎ᠡ ᠲᠠᠯ᠎ᠠ ᠶᠢᠨ ᠬᠢᠨ ᠲᠤᠰ ᠤᠳᠠᠭ᠎ᠠ ᠶᠢᠨ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠭᠠᠷ ᠬᠤᠯᠪᠣᠯᠴᠠᠨ | ᠬᠠᠮᠲᠤᠷᠠᠯᠴᠠᠵᠤ᠂ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠵᠤ᠂ ᠥᠯᠥᠰᠬᠦᠯᠡᠩ ᠦᠭᠡᠢ᠂ ᠶᠠᠳᠠᠭᠤᠷᠠᠯ ᠦᠭᠡᠢ | ᠪᠠᠶᠢᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠵᠦ᠂ ᠳᠡᠯᠡᠬᠡᠢ ᠶᠢᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ | ᠭᠡᠵᠦ ᠴᠢᠬᠤᠯᠠᠴᠢᠯᠠᠪᠠ᠃ | ᠲᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠲᠤᠬᠠᠶ ᠶᠢᠨ ᠡᠳᠦᠷ ᠱᠠᠨᠳᠦ᠋ᠩ ᠮᠤᠵᠢ ᠶᠢᠨ ᠵᠢᠨᠠᠨ ᠬᠤᠲᠠ ᠳᠤ ᠡᠬᠢᠯᠡᠵᠠᠢ᠃ | ︽ᠠᠮᠤ ᠪᠤᠳᠠᠭᠠᠨ ᠤ ᠬᠤᠷᠣᠭᠳᠠᠭᠤᠯᠤᠯ ᠪᠥᠷᠢᠯᠬᠡᠯ ᠢ ᠪᠠᠭᠠᠰᠬᠠᠵᠤ᠂ ᠳᠡᠯᠡᠬᠡᠶ ᠶᠢᠨ ᠠᠮᠤ ᠪᠤᠳᠠᠭᠠᠨ ᠤ ᠠᠮᠤᠷ ᠲᠦᠪᠰᠢᠨ ᠢ ᠠᠬᠢᠭᠤᠯᠤᠶ᠎ᠠ︾ ᠬᠡᠬᠦ ᠪᠠᠷ ᠭᠤᠤᠯ | ᠰᠡᠳᠦᠪ ᠪᠣᠯᠭᠠᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ | ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠱᠠᠨᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠡᠷᠭᠢᠯᠡᠪᠡ᠃ |