ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ 9 ᠰᠠᠷ᠎ᠠ ᠶᠢᠨ 10 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ | ᠴᠤᠭᠯᠠᠭᠠᠨ ᠪᠣᠯᠤᠨ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠳᠠᠯᠳᠤᠭᠠᠨ ᠤ ᠶᠠᠪᠤᠳᠠᠯ ᠬᠢᠭᠡᠳ ᠪᠡᠯᠡ | ᠣᠷᠣᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠡᠷᠢᠯᠴᠠᠭ᠎ᠠ ᠬᠢᠬᠦ ᠬᠠᠷᠢᠯᠴᠠᠭ᠎ᠠ ᠪᠠᠶᠢᠭᠤᠯᠤᠭᠰᠠᠨ | 30 ᠵᠢᠯ ᠤᠨ ᠲᠤᠷᠰᠢ᠂ ᠬᠤᠶᠠᠷ ᠲᠠᠯ᠎ᠠ ᠶᠢᠨ ᠪᠥᠬᠦ ᠲᠠᠯ᠎ᠠ ᠶᠢᠨ ᠬᠠᠮᠲᠤᠷᠠᠯᠴᠠᠭ᠎ᠠ ᠲᠠᠰᠤᠷᠠᠯᠲᠠ ᠥᠬᠡᠶ ᠭᠦᠨᠵᠡᠭᠡᠶᠢᠷᠡᠵᠦ᠂ ᠬᠠᠷᠢᠯᠴᠠᠨ ᠬᠠᠮᠤᠭ ᠤᠨ ᠶᠡᠭᠡ | ᠠᠷᠠᠯᠵᠢᠶᠠᠨ ᠤ ᠬᠠᠨᠢᠲᠠᠨ ᠪᠣᠯᠵᠣ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠪᠦᠰᠡ ᠶᠢᠨ ᠬᠠᠮᠤᠭ ᠤᠨ ᠠᠮᠢᠵᠢᠷᠠᠯ ᠤᠨ ᠬᠦᠴᠦᠨ ᠲᠠᠢ ᠬᠠᠮᠲᠤᠷᠠᠯᠴᠠᠭ᠎ᠠ ᠪᠣᠯᠵᠠᠶ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠬᠢᠵᠢᠭ ᠲᠠᠢ | ᠲᠡᠮᠡᠴᠡᠵᠦ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠰᠠᠨ᠂ ᠵᠢᠷᠭᠠᠯ | ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠴᠣᠭᠴᠠ ᠶᠢᠨ ᠵᠣᠷᠢᠭ ᠰᠠᠨᠠᠭ᠎ᠠ ᠶᠢ ᠬᠠᠷᠠᠭᠤᠯᠤᠬᠰᠡᠨ ᠪᠠᠶᠢᠨ᠎ᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠨᠢᠳᠤᠨᠤᠨ ᠤ 11 ᠰᠠᠷ᠎ᠠ ᠳᠤ᠂ ᠠᠷᠪᠠᠨ ᠲᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠪᠣᠯᠤᠨ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠬᠤᠳᠠᠯᠳᠤᠭᠠᠨ ᠤ ᠶᠠᠪᠤᠳᠠᠯ ᠬᠢᠭᠡᠳ ᠪᠡᠯᠡ ᠣᠷᠣᠭᠤᠯᠤᠯᠲᠠ ᠶᠢᠨ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠢ | ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠡᠩ ᠨᠢᠭᠲᠠ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ | ᠲᠤᠬᠠᠢ 4 ᠲᠠᠯ᠎ᠠ ᠶᠢᠨ ᠰᠠᠨᠠᠭᠠᠴᠢᠯᠠᠭ᠎ᠠ ᠳᠤᠷᠠᠳᠴᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠤᠰ ᠤᠳ ᠤᠨ ᠢᠳᠡᠪᠬᠢᠲᠡᠢ ᠲᠤᠰᠬᠠᠯ ᠢ | ᠣᠯᠵᠤ᠂ ᠬᠤᠯᠪᠣᠭᠳᠠᠯ ᠪᠦᠬᠦᠢ ᠬᠦᠷᠢᠶᠡᠨ ᠤ ᠬᠠᠮᠲᠤᠷᠠᠯᠴᠠᠭ᠎ᠠ ᠶᠠᠭ ᠦᠷᠭᠦᠯᠵᠢᠯᠡᠨ ᠠᠬᠢᠵᠤ ᠪᠠᠶᠢᠨ᠎ᠠ᠃ ᠢᠷᠡᠭᠡᠳᠦᠢ ᠳᠤ ᠬᠠᠨᠳᠤᠵᠤ᠂ ᠳᠤᠮᠳᠠᠳᠤ ᠤᠯᠤᠰ ᠳᠤᠷᠠᠲᠠᠶ᠎ᠠ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠲᠠᠢ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠢᠵᠢᠭ ᠲᠠᠢ ᠲᠡᠮᠡᠴᠡᠬᠦ᠂ ᠠᠵᠤ | ᠠᠬᠤᠢ ᠠᠷᠠᠯᠵᠢᠶ᠎ᠠ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ | ᠬᠠᠷᠢᠯᠴᠠᠭ᠎ᠠ ᠶᠢᠨ ᠬᠡᠯᠡᠯᠴᠡᠭᠡᠷ ᠢ ᠡᠷᠲᠡ ᠡᠳᠤᠷ ᠬᠦᠴᠦᠨ ᠲᠠᠢ ᠪᠣᠯᠭᠠᠨ ᠬᠡᠷᠡᠭᠵᠢᠭᠦᠯᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ | ᠰᠠᠶᠢᠲᠠᠢ ᠪᠦᠳᠦᠭᠡᠨ ᠪᠠᠶᠢᠭᠤᠯᠵᠤ᠂ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠲᠤᠰ ᠭᠠᠵᠠᠷ | ᠣᠷᠣᠨ ᠤ ᠪᠠᠨ ᠴᠡᠴᠡᠭᠯᠡᠨ ᠬᠦᠭᠵᠢᠬᠦ ᠰᠠᠶᠢᠨ ᠰᠠᠶᠢᠬᠠᠨ ᠪᠠᠶᠢᠳᠠᠯ ᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ | ᠴᠤᠭᠯᠠᠭᠠᠨ ᠪᠣᠯᠤᠨ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠳᠠᠯᠳᠤᠭᠠᠨ ᠤ ᠶᠠᠪᠤᠳᠠᠯ ᠬᠢᠭᠡᠳ ᠪᠡᠯᠡ | ᠣᠷᠣᠭᠤᠯᠤᠯᠲᠠ ᠶᠢᠨ ᠲᠦᠷᠦᠭᠦᠴᠦᠳ ᠤᠨ ᠬᠤᠷᠠᠯ ᠲᠤᠰ ᠡᠳᠦᠷ ᠭᠤᠸᠠᠩᠰᠢ ᠶᠢᠨ ᠨᠠᠨᠨᠢᠩ ᠳᠤ ᠡᠬᠢᠯᠡᠵᠤ᠂ ︽ᠡᠬᠡ ᠬᠠᠭᠤᠷᠠᠢ ᠪᠠ ᠲᠠᠯᠠᠢ ᠲᠠᠩᠬᠢᠰ ᠤᠨ ᠰᠢᠨ᠎ᠡ ᠵᠠᠮ | ᠰᠢᠨ᠎ᠡ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠪᠢ ᠵᠠᠶᠠᠭᠠᠨ ᠤ | ᠬᠠᠮᠲᠤ ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠪᠠᠷ ᠭᠤᠣᠯ ᠰᠡᠳᠦᠪ ᠪᠤᠯᠭᠠᠵᠤ᠂ ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠪᠣᠯᠤᠨ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ 10 ᠤᠯᠤᠰ ᠤᠨ ᠵᠠᠰᠠᠭ ᠤᠨ ᠣᠷᠳᠣᠨ ᠤ ᠠᠵᠤ ᠠᠬᠤᠢ ᠠᠷᠠᠯᠵᠢᠶᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠵᠢᠴᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠠᠷᠢᠨ ᠪᠢᠴᠢᠭ ᠤᠨ ᠭᠠᠵᠠᠷ ᠠᠴᠠ ᠬᠠᠮᠲᠤ ᠪᠠᠷ ᠭᠤᠣᠯᠯᠠᠨ ᠡᠷᠬᠢᠯᠡᠪᠡ᠃ | | |