ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 10 ᠤ | ᠦᠳᠡ ᠶᠢᠨ ᠡᠮᠦᠨ᠎ᠡ ᠪᠤᠯᠵᠤᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯᠤᠨ | ᠬᠤᠶᠠᠷ ᠲᠠᠯ᠎ᠠ ᠶᠢᠨ ᠠᠩᠬᠠᠷᠴᠤ ᠪᠠᠶᠢᠭ᠎ᠠ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠦᠨᠡᠨᠴᠢ᠂ ᠭᠦᠨᠵᠡᠭᠡᠢ᠂ ᠥᠷᠭᠡᠨ ᠳᠡᠯᠭᠡᠷ ᠪᠠᠶᠢᠯᠳᠤᠬᠤ ᠪᠤᠳᠤᠯᠭ᠎ᠠ ᠶᠢᠨ | ᠴᠢᠨᠠᠷᠲᠠᠢ ᠤᠯᠤᠯᠴᠠᠭ᠎ᠠ ᠪᠠ ᠰᠣᠯᠢᠯᠴᠠᠭ᠎ᠠ ᠬᠢᠵᠡᠢ᠃ | ᠰᠢ ᠶᠢᠨ ᠫᠢᠩ ᠡᠩ ᠲᠡᠷᠢᠭᠦᠨ ᠳᠤ ᠠᠶᠤᠯᠳᠤ ᠰᠠᠯᠬᠢ ︽ᠠᠶᠢᠳᠠ︾ ᠠᠮᠧᠷᠢᠺᠠ ᠶᠢᠨ ᠤᠯᠠᠨ ᠭᠠᠵᠠᠷ ᠲᠤ ᠬᠥᠮᠦᠨ ᠬᠠᠷ᠎ᠠ ᠶᠢ ᠠᠲᠡᠬᠦᠯᠵᠥ | ᠰᠢᠷᠬᠠᠳᠤᠭᠤᠯᠤᠭᠰᠠᠨ ᠪᠠ ᠡᠳ᠋ ᠬᠦᠷᠦᠩᠭᠡ ᠶᠢ ᠬᠤᠬᠢᠷᠠᠭᠤᠯᠤᠭᠰᠠᠨ ᠳᠤ ᠪᠠᠶᠢᠳᠧᠨ ᠪᠣᠯᠤᠨ ᠠᠮᠧᠷᠢᠺᠠ ᠶᠢᠨ ᠠᠷᠠᠳ ᠲᠦᠮᠡᠨ ᠢ ᠲᠣᠬᠤᠨᠢᠭᠤᠯᠵᠤ ᠪᠠᠶᠢᠬᠤ ᠪᠠᠨ | ᠢᠯᠡᠳᠬᠡᠪᠡ᠃ | ᠪᠠᠶᠢᠳᠧᠨ ᠡᠭᠦᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠬᠡᠰᠡᠭ ᠬᠤᠭᠤᠴᠠᠭᠠᠨ ᠤ ᠲᠤᠷᠰᠢ᠂ ᠠᠮᠧᠷᠢᠺᠠ ᠶᠢᠨ ᠳᠤᠮᠳᠠᠳᠤ | ᠤᠯᠤᠰ ᠲᠤ ᠬᠠᠨᠳᠤᠭᠤᠯᠤᠭᠰᠠᠨ ᠲᠦᠷᠦ ᠶᠢᠨ ᠪᠤᠳᠤᠯᠭ᠎ᠠ ᠨᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠬᠦᠨᠳᠦ ᠨᠣᠴᠢᠲᠠᠢ ᠬᠦᠴᠢᠷᠳᠡᠯ ᠳᠤ ᠤᠴᠠᠷᠠᠭᠤᠯᠵᠠᠢ᠂ | ᠡᠨᠡ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠤᠨ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠠᠰᠢᠭ ᠲᠤᠰᠠ ᠲᠠᠢ | ᠨᠡᠶᠢᠴᠡᠬᠦ ᠦᠭᠡᠢ ᠶᠤᠮ᠃ ᠳᠤᠮᠳᠠᠳᠤ ᠠᠮᠧᠷᠢᠺᠠ ᠪᠣᠯ ᠲᠤᠰ ᠲᠤᠰ ᠬᠠᠮᠤᠭ ᠤᠨ ᠶᠡᠭᠡ ᠬᠥᠭᠵᠢᠵᠦ ᠪᠠᠶᠢᠭ᠎ᠠ ᠤᠯᠤᠰ ᠪᠠ ᠬᠠᠮᠤᠭ ᠤᠨ ᠶᠡᠭᠡ ᠬᠥᠭᠵᠢᠭᠰᠡᠨ ᠤᠯᠤᠰ | ᠮᠥᠨ᠂ ᠳᠤᠮᠳᠠᠳᠤ ᠠᠮᠧᠷᠢᠺᠠ ᠬᠠᠷᠢᠯᠴᠠᠭ᠎ᠠ ᠪᠠᠨ ᠰᠠᠶᠢᠲᠤᠷ ᠰᠢᠢᠳᠪᠦᠷᠢᠯᠡᠵᠦ ᠴᠢᠳᠠᠬᠤ ᠡᠰᠡᠬᠦ ᠨᠢ ᠳᠡᠯᠡᠬᠡᠢ ᠶᠢᠨ ᠢᠷᠡᠭᠡᠳᠦᠢ ᠶᠢᠨ ᠬᠤᠪᠢ ᠵᠠᠶᠠᠭ᠎ᠠ ᠲᠠᠢ | ᠬᠤᠯᠪᠣᠭᠳᠠᠵᠤ᠂ ᠬᠤᠶᠠᠷ ᠤᠯᠤᠰ ᠤᠨ ᠡᠷᠬᠡᠪᠰᠢ ᠰᠠᠶᠢᠲᠤᠷ ᠬᠠᠷᠢᠭᠤᠯᠬᠤ ᠴᠢᠬᠤᠯᠠᠳᠠᠢ ᠡᠷᠢᠨ ᠵᠠᠭᠤᠨ ᠤ ᠠᠰᠠᠭᠤᠯᠲᠠ ᠪᠣᠯᠤᠨ᠎ᠠ᠃ ᠳᠤᠮᠳᠠᠳᠤ ᠠᠮᠧᠷᠢᠺᠠ | ᠬᠠᠮᠲᠤᠷᠠᠯᠴᠠᠪᠠᠯ ᠬᠤᠶᠠᠷ ᠤᠯᠤᠰ ᠪᠣᠯᠤᠨ ᠳᠡᠯᠡᠬᠡᠢ ᠳ᠋ᠠᠬᠢᠨ ᠴᠥᠮ ᠠᠰᠢᠭ ᠬᠦᠷᠳᠡᠨ᠎ᠠ︔ ᠳᠤᠮᠳᠠᠳᠤ ᠠᠮᠧᠷᠢᠺᠠ ᠡᠰᠡᠷᠭᠦᠴᠡᠯᠳᠦᠪᠡᠯ᠂ ᠬᠤᠶᠠᠷ ᠤᠯᠤᠰ ᠪᠠ ᠳᠡᠯᠡᠬᠡᠢ | ᠶᠢᠷᠲᠢᠨᠴᠦ ᠴᠥᠮ ᠠᠶᠤᠯ ᠵᠤᠪᠠᠯᠠᠩ ᠳᠤ ᠤᠴᠠᠷᠠᠬᠤ ᠪᠣᠯᠤᠨ᠎ᠠ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠰᠠᠶᠢᠨ ᠪᠤᠯᠭᠠᠬᠤ ᠡᠰᠡᠬᠦ ᠶᠢᠨ ᠰᠣᠩᠭᠤᠯᠲᠠ ᠶᠢᠨ | ᠰᠡᠳᠦᠪ ᠪᠢᠰᠢ᠂ ᠬᠠᠷᠢᠨ ᠬᠡᠷᠬᠢᠨ ᠰᠠᠶᠢᠨ ᠪᠤᠯᠭᠠᠬᠤ ᠪᠤᠢ ᠭᠡᠰᠡᠨ ᠵᠠᠪᠠᠯ ᠬᠠᠷᠢᠭᠤᠯᠬᠤ ᠰᠡᠳᠦᠪ ᠮᠥᠨ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠡᠷᠲᠡᠨ ᠤ ᠰᠢᠯᠦᠭ ᠲᠤ᠄ ︽ᠠᠭᠤᠯᠠ ᠳᠠᠪᠬᠤᠷᠯᠠᠨ ᠤᠰᠤ ᠬᠦᠨᠳᠡᠯᠢᠰᠦᠨ ᠵᠠᠮ ᠮᠤᠬᠤᠷᠳᠠᠪᠠᠦ ᠬᠡᠮᠡᠳᠡᠯ᠎ᠡ᠂ ᠤᠳᠠ | ᠬᠥᠬᠡᠷᠡᠨ ᠴᠡᠴᠡᠭ ᠤᠯᠠᠯᠵᠠᠵᠤ ᠨᠢᠭᠡᠨ ᠲᠣᠰᠬᠤ ᠬᠠᠷᠠᠭᠳᠠᠪᠠᠢ︾ ᠬᠡᠲᠡᠭ᠃ ᠳᠤᠮᠳᠠᠳᠤ ᠠᠮᠧᠷᠢᠺᠠ 1971 ᠣᠨ ᠳᠤ ᠬᠤᠶᠠᠷ ᠲᠠᠯ᠎ᠠ ᠶᠢᠨ ᠬᠠᠷᠢᠯᠴᠠᠭ᠎ᠠ | ᠰᠠᠶᠢᠵᠢᠷᠠᠭᠰᠠᠨ ᠠᠴᠠ ᠨᠠᠭᠠᠰᠢ᠂ ᠭᠠᠷ ᠬᠤᠯᠪᠣᠨ ᠬᠠᠮᠲᠤᠷᠠᠯᠴᠠᠵᠤ᠂ ᠡᠯ᠎ᠡ ᠤᠯᠤᠰ ᠲᠤ ᠦᠨᠡᠨ ᠪᠣᠳᠠᠲᠠᠢ ᠠᠰᠢᠭ ᠬᠦᠷᠲᠡᠭᠡᠪᠡ᠃ ᠣᠳᠣᠬᠠᠨ ᠳᠤ᠂ ᠳᠡᠯᠡᠬᠡᠢ | ᠨᠡᠶᠢᠭᠡᠮ ᠳᠤ ᠮᠠᠰᠢ ᠤᠯᠠᠨ ᠬᠠᠮᠲᠤ ᠶᠢᠨ ᠬᠦᠴᠢᠷ ᠠᠰᠠᠭᠤᠳᠠᠯ ᠲᠤᠯᠭᠠᠷᠠᠵᠤ ᠪᠠᠶᠢᠨ᠎ᠠ᠂ ᠳᠤᠮᠳᠠᠳᠤ ᠠᠮᠧᠷᠢᠺᠠ ᠲᠤᠮᠤ ᠪᠠᠶᠢᠷᠢᠰᠢᠯ ᠢ ᠢᠯᠡᠷᠡᠭᠦᠯᠵᠦ᠂ ᠶᠡᠭᠡ ᠡᠭᠦᠷᠭᠡᠯᠡᠯ ᠢ | ᠡᠭᠦᠷᠭᠡᠯᠡᠵᠦ᠂ ᠤᠷᠤᠭᠰᠢ ᠪᠠᠨ ᠬᠠᠷᠠᠵᠤ ᠤᠷᠤᠬᠰᠢᠯᠡᠨ ᠶᠠᠪᠤᠬᠤ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠪᠠ ᠤᠯᠤᠰ ᠲᠦᠷᠦ ᠶᠢᠨ ᠰᠥᠰᠥ ᠵᠤᠷᠢᠬ ᠢᠶᠠᠷ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠲᠣᠭᠲᠠᠭᠤᠨ ᠬᠥᠭᠵᠢᠯᠲᠡ ᠶᠢᠨ ᠵᠥᠪ ᠵᠠᠮ ᠳᠤ ᠲᠦᠷᠭᠡᠨ ᠪᠤᠴᠠᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ | ᠪᠣᠯᠤᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠪᠡᠯ ᠵᠣᠬᠢᠨ᠎ᠠ ᠭᠡᠵᠤ ᠴᠢᠬᠤᠯᠠᠴᠢᠯᠠᠵᠠᠢ᠃ | ᠰᠢ ᠶᠢᠨ ᠫᠢᠩ ᠠᠭᠤᠷ ᠠᠮᠢᠰᠬᠤᠯ ᠤᠨ ᠬᠤᠪᠢᠷᠠᠯᠲᠠ ᠵᠡᠷᠭᠡ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ ᠵᠣᠭᠰᠣᠯᠲᠠ ᠶᠢ ᠲᠣᠳᠣᠷᠬᠠᠶᠢᠯᠠᠨ ᠥᠭᠦᠯᠡᠵᠦ᠂ | ᠳᠤᠮᠳᠠᠳᠤ ᠤᠯᠤᠰ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠵᠠᠮ ᠢᠶᠠᠷ ᠵᠠᠮᠨᠠᠬᠤ ᠶᠢ | ᠪᠠᠷᠢᠮᠳᠠᠯᠠᠵᠤ᠂ ᠥᠪᠡᠷ ᠤᠨ ᠤᠯᠤᠰ ᠤᠨ ᠪᠠᠶᠢᠳᠠᠯ ᠲᠠᠢ ᠪᠠᠨ ᠵᠣᠬᠢᠴᠠᠭᠰᠠᠨ ᠤᠯᠠᠨ ᠤᠯᠤᠰ ᠤᠨ ᠬᠠᠷᠢᠭᠤᠴᠠᠯᠭ᠎ᠠ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ | ᠡᠭᠦᠷᠭᠡᠯᠡᠭᠰᠡᠭᠡᠷ ᠢᠷᠡᠪᠡ᠃ ᠵᠥᠷᠢᠯᠳᠦᠭᠡᠨ ᠢᠶᠠᠨ ᠬᠠᠷᠢᠯᠴᠠᠨ ᠭᠤᠤᠯᠯᠠᠨ ᠠᠩᠬᠠᠷᠴᠤ᠂ ᠲᠣᠬᠢᠲᠠᠶ ᠬᠠᠮᠢᠶᠠᠷᠤᠨ ᠡᠵᠡᠮᠳᠡᠬᠦ ᠶᠢ ᠬᠦᠨᠳᠦᠳᠭᠡᠭᠰᠡᠨ ᠰᠠᠭᠤᠷᠢᠨ ᠳᠡᠭᠡᠷ᠎ᠡ᠂ | ᠬᠤᠶᠠᠷ ᠤᠯᠤᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠶᠠᠷᠢᠯᠴᠠᠭ᠎ᠠ ᠬᠢᠵᠦ᠂ ᠠᠭᠤᠷ ᠠᠮᠢᠰᠬᠤᠯ ᠤᠨ ᠬᠤᠪᠢᠷᠠᠯᠲᠠ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢᠨ ᠰᠡᠷᠭᠦᠯᠲᠡ ᠵᠢᠴᠢ ᠳᠡᠯᠡᠬᠡᠶ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠢ | ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠠᠬᠢᠭᠤᠯᠬᠤ ᠶᠢᠨ ᠬᠠᠮᠲᠤ ᠨᠠᠩ ᠣᠯᠠᠨ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠬᠤᠶᠠᠷ ᠤᠯᠤᠰ ᠤᠨ | ᠬᠠᠷᠢᠯᠴᠠᠭ᠎ᠠ ᠳᠤ ᠨᠠᠩ ᠣᠯᠠᠨ ᠢᠳᠡᠪᠬᠢᠲᠡᠶ ᠬᠦᠴᠦᠨ ᠵᠦᠢᠯ ᠨᠡᠮᠡᠷᠢᠯᠡᠵᠦ ᠪᠣᠯᠤᠨ᠎ᠠ ᠭᠡᠵᠤ ᠴᠢᠬᠤᠯᠠᠴᠢᠯᠠᠵᠠᠢ᠃ | ᠪᠠᠶᠢᠳᠧᠨ᠂ ᠳᠡᠯᠡᠬᠡᠢ ᠳ᠋ᠡᠬᠢᠨ ᠶᠠᠭ ᠲᠦᠷᠭᠡᠨ ᠬᠤᠪᠢᠷᠠᠯᠲᠠ ᠶᠢ ᠥᠩᠭᠡᠷᠡᠭᠡᠵᠦ ᠪᠤᠢ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ | ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠪᠣᠯᠤᠨ᠎ᠠ᠂ ᠠᠮᠧᠷᠢᠺᠠ ᠳᠤᠮᠳᠠᠳᠤ ᠬᠡᠷᠬᠢᠨ ᠬᠠᠮᠲᠤᠷᠠᠯᠴᠠᠨ ᠶᠠᠪᠤᠯᠴᠠᠬᠤ ᠨᠢ ᠶᠡᠭᠡ ᠬᠡᠮᠵᠢᠶᠠᠨ ᠲᠡᠭᠡᠷ᠎ᠡ | ᠳᠡᠯᠡᠬᠡᠢ ᠶᠢᠨ ᠢᠷᠡᠭᠡᠳᠦᠢ ᠶᠢ ᠨᠦᠯᠦᠭᠡᠯᠡᠨ᠎ᠠ᠃ ᠬᠤᠶᠠᠷ ᠤᠯᠤᠰ ᠥᠷᠢᠰᠥᠯᠳᠦᠭᠡᠨ ᠠᠴᠠ ᠪᠣᠯᠵᠤ ᠮᠥᠷᠭᠦᠯᠳᠦᠭᠡᠨ ᠤ ᠪᠠᠶᠢᠳᠠᠯ ᠳᠤ ᠣᠷᠣᠬᠤ ᠰᠢᠯᠲᠠᠭᠠᠨ ᠦᠭᠡᠢ᠃ | ᠠᠮᠧᠷᠢᠺᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠶᠠᠷᠦ ᠠᠴᠠ ᠬᠤᠪᠢᠷᠠᠭᠤᠯᠬᠤ ᠰᠠᠨᠠᠭ᠎ᠠ ᠦᠭᠡᠢ᠃ | ᠠᠮᠧᠷᠢᠺᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠨᠡᠩ ᠤᠯᠠᠨ ᠦᠨᠡᠨᠴᠢ ᠰᠣᠯᠢᠯᠴᠠᠭ᠎ᠠ ᠪᠣᠯᠤᠨ ᠪᠦᠲᠦᠭᠡᠯᠴᠢ ᠴᠢᠨᠠᠷᠲᠠᠢ ᠶᠠᠷᠢᠯᠴᠠᠭ᠎ᠠ ᠥᠷᠨᠢᠭᠦᠯᠵᠦ᠂ | ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠥᠷᠨᠢᠭᠦᠯᠵᠤ ᠪᠤᠯᠬᠤ ᠭᠤᠣᠯᠳᠠᠯᠭ᠎ᠠ ᠪᠣᠯᠤᠨ ᠤᠷᠢᠳ ᠢᠶᠠᠷ ᠪᠣᠳᠣᠯᠬᠢᠯᠠᠬᠤ ᠬᠦᠷᠢᠶ᠎ᠡ ᠶᠢ ᠲᠣᠭᠲᠠᠭᠠᠵᠤ᠂ ᠪᠤᠷᠤᠭᠤ | ᠣᠶᠢᠯᠠᠭᠠᠯᠲᠠ ᠪᠤᠷᠤᠭᠤ ᠮᠠᠭᠠᠳᠯᠠᠯᠲᠠ ᠪᠣᠯᠤᠨ ᠰᠠᠨᠠᠭᠠᠨ ᠳᠤ ᠦᠭᠡᠢ ᠮᠥᠷᠭᠦᠯᠳᠦᠭᠡᠨ ᠡᠬᠦᠰᠬᠦ ᠠᠴᠠ ᠵᠠᠶᠢᠯᠠᠰᠬᠢᠵᠦ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ | ᠲᠠᠬᠢᠨ ᠵᠥᠪ ᠵᠠᠮ ᠳᠤ ᠣᠷᠣᠬᠤ ᠶᠢ ᠠᠬᠢᠭᠤᠯᠤᠨ᠎ᠠ᠃ ᠠᠮᠧᠷᠢᠺᠠ ᠶᠢᠨ ᠬᠢᠨ ᠳᠤᠮᠳᠠᠳᠤ ᠤᠯᠤᠰ ᠯᠤᠭ᠎ᠠ ᠠᠭᠤᠷ ᠠᠮᠢᠰᠬᠤᠯ ᠤᠨ ᠬᠤᠪᠢᠷᠠᠯᠲᠠ ᠵᠡᠷᠭᠡ ᠴᠢᠬᠤᠯᠠ | ᠠᠰᠠᠭᠤᠳᠠᠯ ᠤᠨ ᠲᠤᠬᠠᠢ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠬᠠᠮᠲᠤ ᠶᠢᠨ ᠲᠠᠨᠢᠯᠲᠠ ᠲᠠᠢ ᠪᠣᠯᠬᠤ ᠶᠢ ᠬᠦᠰᠡᠵᠦ ᠪᠠᠶᠢᠨ᠎ᠠ ᠭᠡᠵᠦ | ᠢᠯᠡᠳᠬᠡᠪᠡ᠃ | ᠬᠤᠶᠠᠷ ᠲᠠᠯ᠎ᠠ ᠪᠠᠷ ᠢᠶᠠᠨ᠂ ᠳᠤᠮᠳᠠᠳᠤ ᠠᠮᠧᠷᠢᠺᠠ ᠶᠢᠨ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯᠤᠨ ᠴᠢᠬᠤᠯᠠ ᠶᠡᠭᠡ ᠤᠯᠠᠨ | ᠤᠯᠤᠰ ᠤᠨ ᠠᠰᠠᠭᠤᠳᠠᠯ ᠤᠨ ᠲᠤᠬᠠᠢ ᠭᠦᠨᠵᠡᠭᠡᠢ ᠤᠯᠤᠯᠴᠠᠬᠤ ᠨᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠵᠥᠪ ᠬᠥᠭᠵᠢᠯᠲᠡ ᠶᠢ ᠬᠦᠳᠦᠯᠥᠨ | ᠳᠠᠭᠠᠭᠤᠯᠬᠤ ᠳᠤ ᠲᠦᠢᠯ ᠤᠨ ᠴᠢᠬᠤᠯᠠ ᠶᠤᠮ ᠭᠡᠵᠦ ᠰᠠᠨᠠᠯ ᠨᠢᠭᠡᠲᠡᠢ ᠦᠵᠡᠵᠦ᠂ ᠦᠷᠭᠦᠯᠵᠢᠯᠡᠨ ᠤᠯᠠᠨ ᠵᠦᠢᠯ ᠤᠨ ᠬᠡᠯᠪᠡᠷᠢ ᠪᠠᠷ ᠪᠠᠶᠢᠩᠭᠤ ᠶᠢᠨ ᠴᠢᠨᠠᠷᠲᠠᠢ | ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠵᠦ᠂ ᠬᠤᠶᠠᠷ ᠲᠠᠯ᠎ᠠ ᠶᠢᠨ ᠠᠵᠢᠯ ᠤᠨ ᠳᠠᠪᠬᠤᠷᠭ᠎ᠠ ᠶᠢᠨ ᠬᠢᠨ ᠱᠠᠯᠠᠪᠳᠠᠨ ᠠᠵᠢᠯᠯᠠᠵᠤ᠂ ᠥᠷᠭᠡᠨ ᠢᠶᠠᠷ ᠶᠠᠷᠢᠯᠴᠠᠵᠤ᠂ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠤᠷᠤᠬᠰᠢ ᠬᠥᠭᠵᠢᠬᠦ ᠳᠤ ᠨᠥᠬᠦᠴᠡᠯ ᠪᠦᠷᠢᠯᠳᠦᠭᠦᠯᠵᠦ ᠥᠭᠬᠦ ᠶᠢ ᠲᠠᠭᠠᠭᠠᠯᠭᠠᠪᠠ᠃ | | | |