ᠬᠠᠩᠭᠢᠨ ᠬᠤᠶᠢᠲᠤ ᠬᠤᠰᠢᠭᠤ᠄ ᠴᠡᠭᠴᠡᠯᠡᠨ ᠥᠭᠡᠷᠡᠴᠢᠯᠡᠬᠦ ᠶᠢ ᠴᠢᠩᠳᠠᠯᠠᠵᠤ ᠳᠡᠭᠡᠭᠰᠢᠯᠡᠭᠦᠯᠬᠦ ᠶᠢ ᠠᠬᠢᠭᠤᠯᠵᠤ ᠠᠵᠢᠯ ᠲᠥᠷᠥᠯ ᠤᠨ ᠰᠤᠷᠲᠠᠯ ᠢ ᠪᠣᠶ ᠪᠣᠯᠭᠠᠵᠤ ︽ᠦᠨᠡᠮᠯᠡᠯ ᠠᠪᠬᠤ ᠳᠤ ᠬᠦᠴᠢᠷ︾ ᠪᠠᠶᠢᠬᠤ ᠶᠢ ᠳᠠᠭᠢᠵᠤ ᠬᠦᠴᠢᠷ ᠥᠬᠡᠶ ᠪᠣᠯᠭᠠᠨ᠎ᠠ
ᠨᠡᠶᠢᠲᠡᠯᠡᠭᠰᠡᠨ ᠴᠠᠭ᠄
2021/9/15
      9 ᠰᠠᠷ᠎ᠠ ᠶᠢᠨ 9 ᠤ ᠡᠳᠦᠷ᠂ ᠬᠠᠩᠭᠢᠨ ᠬᠤᠶᠢᠲᠤ ᠬᠤᠰᠢᠭᠤᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶ᠎ᠡ ᠴᠠᠷᠠᠭ᠎ᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠲᠥᠷᠥᠯ ᠤᠨ ᠰᠤᠷᠲᠠᠯ ᠤᠨ ᠡᠷᠦᠶ ᠬᠤᠷᠤᠶ ᠥᠬᠡᠶ ᠦᠵᠡᠭᠳᠡᠯ ᠢ ᠴᠡᠪᠡᠷᠯᠡᠨ ᠴᠡᠭᠴᠡᠯᠡᠬᠦ ᠵᠢᠴᠢ ︽ᠦᠨᠡᠮᠯᠡᠯ ᠠᠪᠬᠤ ᠳᠤ ᠬᠦᠴᠢᠷᠲᠡᠶ︾ ᠠᠵᠢᠯ ᠢ ᠳᠥᠯᠭᠢᠨ ᠠᠬᠢᠭᠤᠯᠬᠤ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠦ᠋ᠨ ᠫᠢᠩ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠡᠷ ᠬᠥᠷᠥᠩᠭᠡ ᠶᠢᠨ ᠲᠥᠪ ᠲᠣᠪᠴᠢᠶ᠎ᠠ ᠵᠡᠷᠭᠡ ᠰᠠᠯᠠᠭ᠎ᠠ ᠮᠥᠴᠢᠷ ᠪᠥᠬᠦ ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠠᠬᠢᠭᠤᠯᠤᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠲᠠᠰ ᠳᠠᠷᠠᠭᠠᠯᠠᠨ ᠬᠠᠷᠢᠭᠤ ᠮᠡᠳᠡᠭᠦᠯᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠣᠪᠣᠷ ᠪᠠ ᠵᠣᠷᠢᠭ ᠢᠶᠠᠨ ᠢᠯᠡᠷᠬᠡᠶᠢᠯᠡᠪᠡ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠬᠤᠸᠠᠩ ᠰᠢᠶᠤᠤ ᠯᠢᠶᠠᠩ ᠠᠵᠢᠯ ᠤᠨ ᠰᠤᠷᠲᠠᠯ ᠪᠠ ᠰᠠᠬᠢᠯᠭ᠎ᠠ ᠪᠠᠲᠤ ᠶᠢ ᠲᠣᠳᠣᠷᠬᠠᠶ ᠪᠣᠯᠭᠠᠪᠠ᠃       ᠵᠠᠩ ᠵᠢᠶᠦ᠋ᠨ ᠫᠢᠩ ᠵᠢᠭᠠᠵᠤ ᠭᠠᠷᠭᠠᠭᠰᠠᠨ ᠨᠢ᠂ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠲᠤᠤᠱᠯᠠᠭᠤᠯᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠬᠤᠰᠢᠭᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶ᠎ᠡ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠠᠵᠢᠯ ᠲᠥᠷᠥᠯ ᠤᠨ ᠰᠤᠷᠲᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠠᠬᠢᠭᠤᠯᠵᠤ᠂ ᠡᠯ᠎ᠡ ᠰᠠᠯᠠᠭ᠎ᠠ ᠮᠥᠴᠢᠷ ᠤᠳ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠨᠢᠩ ᠤᠨ ᠬᠤᠪᠢᠶᠠᠷᠢ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠬᠡᠷ ᠬᠥᠷᠥᠩᠭᠡ ᠶᠢᠨ ᠦᠨᠡᠮᠯᠡᠯ ᠤᠨ ᠭᠠᠷᠳᠠᠮ ᠢ ᠭᠦᠶ᠋ᠴᠡᠳᠬᠡᠬᠦ ᠶᠠᠪᠤᠴᠠ ᠳᠤ ᠳᠠᠩᠰᠠᠯᠠᠭᠤᠯᠤᠭᠰᠠᠨ ᠴᠠᠭ ᠨᠢ ᠣᠷᠳᠣ᠂ ᠣᠨᠴᠠ ᠵᠠᠷᠢᠮ ᠠᠵᠢᠯᠲᠠᠨ ᠪᠠ ᠵᠠᠭᠤᠴᠢ ᠪᠠᠶᠢᠭᠤᠯᠤᠮᠵᠢ ᠶᠢᠨ ᠵᠠᠪᠰᠢᠶᠠᠨ ᠳᠠᠯᠢᠮᠳᠠᠭᠤᠯᠤᠨ ᠠᠰᠢᠭ ᠬᠤᠨᠵᠢᠬᠤ ᠵᠡᠷᠭᠡ ᠠᠰᠠᠭᠤᠳᠠᠯ ᠤᠨ ᠭᠦᠨᠵᠡᠭᠡᠶ ᠰᠤᠷᠭᠠᠮᠵᠢ ᠶᠢ ᠭᠦᠨᠵᠡᠭᠡᠶ ᠭᠥᠯᠢᠶᠡᠨ ᠠᠪᠴᠤ ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ᠂ ᠠᠵᠢᠯ ᠤᠨ ᠡᠮᠬᠢ ᠳᠢᠭᠯᠢᠮ ᠢ ᠵᠢᠷᠤᠮᠵᠢᠭᠤᠯᠬᠤ ᠶᠢ ᠪᠦᠬᠦ ᠳᠦᠷᠢ ᠲᠥᠷᠬᠦ ᠲᠠᠢ ᠬᠤᠯᠪᠣᠭᠳᠠᠬᠤ᠂ ᠠᠵᠢᠯ ᠲᠦᠷᠦᠯ ᠤᠨ ᠬᠡᠪ ᠰᠤᠷᠲᠠᠯ ᠲᠠᠢ ᠬᠤᠯᠪᠣᠭᠳᠠᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠦᠯᠦ ᠬᠥᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠦᠨᠡᠮᠯᠡᠯ ᠠᠪᠬᠤ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ᠂ ᠨᠠᠩ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷ ︾ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠠᠶ ᠶᠠᠪᠤᠳᠠᠯ ᠢ ᠦᠨᠡᠨ ᠬᠦ ᠪᠣᠳᠠᠲᠠᠶ ᠪᠠᠷ ᠬᠢᠵᠦ᠂ ᠠᠷᠠᠳ ᠣᠯᠠᠨ ᠤ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ