ᠬᠠᠩᠭᠢᠨ ᠬᠤᠶᠢᠲᠤ ᠬᠤᠰᠢᠭᠤ ᠬᠠᠭᠤᠴᠢᠨ ᠵᠢᠵᠢᠭ ᠲᠣᠭᠤᠷᠢᠭ ᠤᠨ ᠡᠩᠬᠡ ᠲᠠᠶᠢᠪᠤᠩ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠤᠨ ᠠᠶᠤᠯᠭᠦᠶ ᠦᠢᠯᠡᠳᠪᠦᠷᠢᠯᠡᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/15
      9 ᠰᠠᠷ᠎ᠠ ᠶᠢᠨ 13 ᠤ ᠡᠳᠦᠷ᠂ ᠬᠠᠩᠭᠢᠨ ᠬᠤᠶᠢᠲᠤ ᠬᠤᠰᠢᠭᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠡᠩᠬᠡ ᠲᠠᠶᠢᠪᠤᠩ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠤᠨ ᠠᠶᠤᠯᠭᠦᠶ ᠦᠢᠯᠡᠳᠪᠦᠷᠢᠯᠡᠯ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠡᠯ᠎ᠡ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠡᠩᠬᠡ ᠲᠠᠶᠢᠪᠤᠩ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠠᠵᠢᠯ ᠤᠨ ᠠᠬᠢᠴᠠ ᠶᠢᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠮᠠᠭᠠᠳᠯᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠡᠩᠬᠡ ᠲᠠᠶᠢᠪᠤᠩ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠠᠵᠢᠯ ᠢ ᠳᠠᠬᠢᠨ ᠪᠠᠶᠢᠷᠢᠯᠠᠭᠤᠯᠵᠤ ᠳᠠᠬᠢᠨ ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠦ᠋ᠨ ᠫᠢᠩ ᠬᠤᠷᠠᠯ ᠳᠤ ᠣᠷᠣᠯᠴᠠᠪᠠ᠃ ᠬᠤᠷᠠᠯ ᠠᠴᠠ 21 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠣᠯᠤᠨ 7 ᠪᠠᠷᠢᠮᠵᠢᠶᠠᠲᠤ ᠬᠡᠰᠡᠭ ᠤᠨ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃       ᠵᠠᠩ ᠵᠢᠶᠦ᠋ᠨ ᠫᠢᠩ ᠵᠢᠭᠠᠵᠤ ᠭᠠᠷᠭᠠᠭᠰᠠᠨ ᠨᠢ᠂ ᠬᠠᠭᠤᠴᠢᠨ ᠪᠠ ᠬᠠᠭᠤᠴᠢᠨ ᠲᠣᠭᠤᠷᠢᠭ ᠤᠨ ᠡᠩᠬᠡ ᠲᠠᠶᠢᠪᠤᠩ ᠣᠷᠣᠨ ᠰᠠᠭᠤᠴᠠ ᠶᠢᠨ ᠲᠣᠭᠤᠷᠢᠭ ᠢ ᠰᠢᠨᠡᠳᠬᠡᠨ ᠵᠠᠰᠠᠬᠤ ᠪᠣᠯ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠯ᠎ᠡ ᠬᠠᠮᠢᠶ᠎ᠠ ᠪᠦ᠋ᠬᠦᠢ ᠪᠦ᠋ᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠡᠨᠡ ᠵᠢᠯ ᠤᠨ ᠪᠦ᠋ᠬᠦ ᠬᠤᠰᠢᠭᠤᠨ ᠤ ᠬᠠᠭᠤᠴᠢᠨ ᠪᠠ ᠬᠠᠭᠤᠴᠢᠨ ᠲᠣᠭᠤᠷᠢᠭ ᠢ ᠰᠢᠨᠡᠳᠬᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ︽ᠳᠤᠲᠠᠭᠤᠳᠠᠯ︾ ᠢ ᠨᠥᠬᠦᠪᠥᠷᠢᠯᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠶ᠃ ᠳᠤᠯᠠᠭᠠᠯᠭ᠎ᠠ ᠶᠢᠨ ᠴᠠᠭ ᠪᠣᠯᠲᠠᠯ᠎ᠠ ᠪᠠᠰᠠ ᠨᠢᠭᠡ ᠰᠠᠷ᠎ᠠ ᠪᠠᠶᠢᠨ᠎ᠠ᠂ ᠡᠯ᠎ᠡ ᠪᠠᠷᠢᠯᠭ᠎ᠠ ᠶᠢᠨ ᠨᠢᠭᠡᠴᠡ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠡᠭᠦᠷᠭᠡ ᠪᠠᠨ ᠪᠡᠶᠡᠯᠡᠭᠦᠯᠬᠦ ᠬᠦᠰᠦᠨᠦᠭᠲᠦ ᠶᠢ ᠲᠣᠩᠭᠤᠷᠠᠭᠤᠯᠤᠨ ᠵᠢᠭᠰᠠᠭᠠᠵᠤ᠂ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠡᠷᠬᠡᠪᠰᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠶ᠃ ᠵᠠᠩ ᠵᠢᠶᠦ᠋ᠨ ᠫᠢᠩ ᠴᠢᠬᠤᠯᠠᠴᠢᠯᠠᠭᠰᠠᠨ ᠨᠢ᠂ ᠡᠯ᠎ᠡ ᠪᠠᠷᠢᠯᠭ᠎ᠠ ᠶᠢᠨ ᠡᠩᠨᠡᠭᠡ ᠶᠢᠨ ᠬᠢᠨ ᠰᠠᠭᠤᠭᠠᠯᠢ ᠠᠷᠠᠳ ᠤᠨ ᠠᠮᠤᠷ ᠲᠦᠪᠰᠢᠨ ᠤ ᠬᠡᠷᠡᠭᠴᠡᠭᠡ ᠪᠣᠯᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠡᠩᠬᠡ ᠲᠠᠶᠢᠪᠤᠩ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ ᠠᠷᠠᠳ ᠤᠨ ᠠᠮᠢᠳᠤᠷᠠᠯ ᠤᠨ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠥᠭᠡᠷᠡᠴᠢᠯᠡᠨ ᠳᠡᠭᠡᠭᠰᠢᠯᠡᠭᠦᠯᠬᠦ ᠶᠠᠪᠤᠴᠠ ᠳᠤ᠂ ᠠᠶᠤᠯᠭᠦᠢ ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠵᠤ᠂ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠤᠷᠤᠭᠰᠢᠲᠠᠢ ᠠᠬᠢᠭᠤᠯᠬᠤ ᠶᠢ ᠪᠠᠲᠤᠯᠠᠵᠤ᠂ ᠤᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ ᠡᠮᠦᠨ᠎ᠡ᠂ ᠵᠠᠩ ᠵᠢᠶᠦ᠋ᠨ ᠫᠢᠩ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠲᠠᠲᠠᠪᠤᠷᠢᠯᠠᠨ ᠬᠤᠷᠢᠶᠠᠬᠤ ᠰᠠᠯᠠᠭ᠎ᠠ ᠮᠥᠴᠢᠷ ᠢ ᠳᠠᠭᠠᠭᠤᠯᠤᠨ ᠰᠠᠶᠢᠰᠢᠶᠠᠯ ᠤᠨ ᠵᠡᠭᠦᠨ ᠵᠡᠭᠡᠯᠢ ᠶᠢᠨ ᠵᠠᠮ ᠤᠨ ᠪᠦᠳᠦᠬᠡᠨ ᠪᠠᠶᠢᠭᠤᠯᠤᠯᠲᠠ ᠶᠢᠨ ᠪᠠᠷᠢᠯᠭ᠎ᠠ ᠪᠣᠯᠤᠨ ᠳᠣᠷᠣᠨᠠᠳᠠᠬᠢᠨ ᠤ ᠯᠢᠳᠦ᠋ ᠬᠤᠳᠠ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢᠨ ᠪᠦᠳᠦᠬᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠲᠤᠬᠠᠢ ᠶᠢᠨ ᠲᠠᠯᠠᠪᠠᠢ ᠳᠤ ᠠᠵᠢᠯᠯᠠᠵᠤ᠂ ᠪᠦᠳᠦᠬᠡᠨ ᠪᠠᠶᠢᠭᠤᠯᠤᠯᠲᠠ ᠶᠢᠨ ᠨᠢᠭᠡᠴᠡ ᠶᠢ ᠬᠠᠪᠰᠤᠷᠤᠨ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠠᠮᠤᠷ ᠲᠦᠪᠰᠢᠨ ᠢ ᠪᠠᠲᠤᠯᠠᠬᠤ ᠠᠵᠢᠯ ᠤᠨ ᠤᠷᠢᠲᠠᠯ ᠳᠣᠣᠷ᠎ᠠ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ