ᠬᠡᠪᠯᠡᠯ ᠤᠨ ᠵᠠᠬ᠎ᠠ ᠲᠡᠯᠬᠡᠬᠦᠷ ᠤᠨ ᠡᠵᠡᠩᠨᠡᠯᠳᠡ ᠶᠢᠨ ᠡᠮᠬᠢ ᠲᠢᠭᠯᠢᠮ ᠢ ᠤᠯᠠᠮ ᠨᠢᠬᠡ ᠠᠯᠬᠤᠮ ᠲᠦᠷᠢᠮᠵᠢᠬᠦᠯᠵᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ | ᠰᠡᠳᠬᠢᠴᠡ ᠶᠢᠨ ᠡᠷᠡᠬᠦᠯ ᠴᠢᠬᠢᠷᠠᠭ ᠢ ᠬᠠᠮᠠᠭᠠᠯᠠᠬᠤ ᠶᠢᠨ ᠲᠦᠯᠦᠬᠡ ᠪᠦᠬᠦ ᠬᠤᠰᠢᠭᠤᠨ ᠤ ᠵᠢᠭᠠᠨ ᠰᠤᠷᠭᠠᠯᠳᠠ ᠶᠢᠨ ᠮᠠᠲ᠋ᠧᠷᠢᠶᠠᠯ᠂ ᠵᠢᠭᠠᠨ ᠰᠤᠷᠭᠠᠯᠳᠠ ᠶᠢᠨ | ᠬᠠᠪᠰᠤᠷᠠᠮᠵᠢ ᠶᠢᠨ ᠵᠠᠬ᠎ᠠ ᠲᠡᠯᠬᠡᠬᠦᠷ ᠤᠨ ᠡᠮᠬᠢ ᠲᠢᠭᠯᠢᠮ ᠤᠨ ᠬᠠᠮᠢᠶᠠᠷᠤᠯᠳᠠ ᠶᠢ ᠴᠢᠩᠭᠠᠳᠬᠠᠪᠠ᠃ ᠦᠪᠡᠷᠳᠡᠬᠡᠨ ᠵᠠᠰᠠᠬᠤ ᠤᠷᠤᠨ ᠤ ᠬᠠᠷ᠎ᠠ ᠪᠦᠯᠦᠭᠳᠡᠨ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ ᠠᠵᠢᠯ ᠤᠨ ᠤᠳᠤᠷᠢᠳᠬᠤ ᠲᠤᠭᠤᠶᠢᠯᠠᠩ ᠤᠨ ︿︿ᠬᠠᠷ᠎ᠠ ᠪᠦᠯᠦᠭᠳᠡᠨ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠤᠬᠢᠯᠳᠠ ᠦᠭᠬᠦ ᠨᠢᠯᠬ᠎ᠠ ᠰᠤᠶᠤᠭ᠎ᠠ ᠶᠢ ᠬᠠᠮᠠᠭᠠᠯᠠᠬᠤ 2020 ᠣᠨ ᠤ ᠲᠤᠰᠬᠠᠢ ᠲᠦᠷᠦᠯ ᠤᠨ ᠠᠵᠢᠯᠯᠠᠭ᠎ᠠ ᠶᠢᠨ ᠲᠦᠰᠦᠯ﹀﹀ ᠪᠠ ᠬᠤᠳᠠ ᠶᠢᠨ | ᠬᠠᠷ᠎ᠠ ᠪᠦᠯᠦᠭᠳᠡᠨ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ ᠠᠵᠢᠯ ᠤᠨ ᠤᠳᠤᠷᠢᠳᠬᠤ ᠲᠤᠭᠤᠶᠢᠯᠠᠩ ᠤᠨ ︿︿ᠨᠠᠮᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶ᠎ᠡ ᠵᠢᠴᠢ ᠤᠶᠢᠷ᠎ᠠ ᠬᠠᠪᠢ ᠶᠢᠨ ᠤᠷᠴᠢᠨ ᠲᠤᠭᠤᠷᠢᠨ ᠢ ᠲᠦᠪᠯᠡᠷᠡᠬᠦᠯᠦᠨ ᠵᠠᠰᠠᠬᠤ ᠠᠵᠢᠯᠯᠠᠭ᠎ᠠ ᠶᠢ | ᠶᠠᠪᠤᠭᠳᠠᠭᠤᠯᠬᠤ ᠲᠤᠬᠠᠢ ᠮᠡᠳᠡᠭᠳᠡᠯ﹀﹀ ᠬᠢᠬᠡᠳ ᠬᠤᠳᠠ ᠶᠢᠨ ᠰᠤᠶᠤᠯ ᠤᠨ ᠵᠠᠬ᠎ᠠ ᠲᠡᠯᠬᠡᠬᠦᠷ ᠤᠨ ᠶᠡᠷᠦᠩᠭᠡᠶᠢᠯᠡᠭᠰᠡᠨᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ | ᠲᠤᠪᠴᠢᠶ᠎ᠠ ᠶᠢᠨ ︿︿ᠵᠢᠭᠠᠨ ᠰᠤᠷᠭᠠᠯᠳᠠ ᠶᠢᠨ ᠮᠠᠲ᠋ᠧᠷᠢᠶᠠᠯ᠂ ᠵᠢᠭᠠᠨ ᠰᠤᠷᠭᠠᠯᠳᠠ ᠶᠢᠨ ᠬᠠᠪᠰᠤᠷᠠᠮᠵᠢ ᠶᠢᠨ ᠵᠠᠬ᠎ᠠ ᠲᠡᠯᠬᠡᠬᠦᠷ ᠲᠤ ᠲᠤᠰᠬᠠᠢ ᠲᠦᠷᠦᠯ ᠤᠨ ᠵᠠᠰᠠᠨ | ᠴᠡᠭᠴᠡᠯᠡᠬᠦ ᠠᠵᠢᠯᠯᠠᠭ᠎ᠠ ᠶᠠᠪᠤᠭᠳᠠᠭᠤᠯᠬᠤ ᠮᠡᠳᠡᠭᠳᠡᠯ﹀﹀ ᠤᠨ ᠱᠠᠭᠠᠷᠳᠠᠯᠭ᠎ᠠ ᠶᠤᠰᠤᠭᠠᠷ ᠰᠤᠶᠤᠯ ᠤᠨ ᠬᠠᠤᠯᠢ ᠬᠡᠷᠡᠭᠵᠢᠬᠦᠯᠦᠯᠳᠡ᠂ ᠲᠤᠳᠤᠭᠠᠳᠤ ᠶᠢ ᠬᠠᠮᠠᠭᠠᠯᠠᠬᠤ᠂ | ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ᠂ ᠰᠤᠷᠭᠠᠨ ᠬᠦᠮᠦᠵᠢᠯ ᠵᠡᠷᠭᠡ ᠰᠠᠯᠠᠭ᠎ᠠ ᠮᠦᠴᠢᠷ ᠲᠠᠢ ᠬᠠᠮᠳᠤ ᠪᠠᠷ ᠲᠤᠰᠬᠠᠢ ᠪᠠᠶᠢᠴᠠᠭᠠᠯᠳᠠ ᠶᠢᠨ ᠲᠤᠭᠤᠶᠢᠯᠠᠩ | ᠵᠤᠬᠢᠶᠠᠨ ᠪᠠᠶᠢᠭᠤᠯᠵᠤ᠂ ᠨᠠᠮᠤᠷ ᠤᠨ ᠤᠯᠠᠷᠢᠯ ᠤᠨ ᠲᠤᠮᠳᠠ ᠪᠠᠭ᠎ᠠ ᠰᠤᠷᠭᠠᠭᠤᠯᠢ ᠶᠢᠨ ᠰᠤᠷᠤᠯᠭ᠎ᠠ ᠶᠢᠨ ᠬᠤᠭᠤᠴᠠᠭᠠᠨ ᠳᠤ ᠰᠤᠷᠭᠠᠭᠤᠯᠢ ᠶᠢᠨ ᠬᠦᠷᠢᠶᠡᠨ ᠤ ᠤᠶᠢᠷ᠎ᠠ | ᠬᠠᠪᠢ ᠶᠢᠨ ᠤᠷᠴᠢᠨ ᠲᠤᠭᠤᠷᠢᠨ ᠤ ᠵᠢᠭᠠᠨ ᠰᠤᠷᠭᠠᠯᠳᠠ ᠶᠢᠨ ᠮᠠᠲ᠋ᠧᠷᠢᠶᠠᠯ ᠂ ᠵᠢᠭᠠᠨ ᠰᠤᠷᠭᠠᠯᠳᠠ ᠶᠢᠨ ᠬᠠᠪᠰᠤᠷᠠᠮᠵᠢ ᠶᠢᠨ ᠵᠠᠬ᠎ᠠ ᠲᠡᠯᠬᠡᠬᠦᠷ ᠳᠤ ᠴᠢᠭᠯᠡᠬᠦᠯᠦᠨ | ᠭᠤᠤᠯᠳᠠᠯᠠᠭ᠎ᠠ ᠲᠠᠢ ᠲᠤᠰᠬᠠᠢ ᠲᠦᠷᠦᠯ ᠤᠨ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠪᠠᠶᠢᠴᠠᠭᠠᠯᠳᠠ ᠬᠢᠪᠡ᠃ | |