ᠤᠷᠠᠳ ᠤᠨ ᠡᠮᠦᠨᠡᠳᠦ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠴᠢᠯᠠᠬᠤ ᠵᠢᠴᠢ ᠭᠤᠤᠯᠳᠠᠯᠠᠭ᠎ᠠ ᠲᠠᠢ ᠠᠵᠢᠯ ᠲᠦᠷᠦᠯ ᠤᠨ ᠬᠦᠷᠢᠶᠡᠨ ᠤ ᠴᠡᠭᠴᠡᠯᠡᠯᠳᠡ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/15
      9 ᠰᠠᠷ᠎ᠠ 9 ᠤ ᠡᠳᠦᠷ᠂ ᠤᠷᠠᠳ ᠤᠨ ᠡᠮᠦᠨᠡᠳᠦ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠴᠢᠯᠠᠬᠤ ᠵᠢᠴᠢ ᠭᠤᠤᠯᠳᠠᠯᠠᠭ᠎ᠠ ᠲᠠᠢ ᠠᠵᠢᠯ ᠲᠦᠷᠦᠯ ᠤᠨ ᠬᠦᠷᠢᠶᠡᠨ ᠤ ᠴᠡᠭᠴᠡᠯᠡᠯᠳᠡ ᠶᠢ ᠠᠬᠢᠭᠤᠯᠬᠤ ᠬᠤᠷᠠᠯ ᠬᠤᠷᠠᠯᠳᠤᠭᠤᠯᠪᠠ᠃       ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠢᠶᠠ ᠵᠧᠨ ᠬᠤᠸᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠤᠷᠤᠯᠠᠭᠴᠢ ᠪᠠᠶᠢᠴᠠᠭᠠᠭᠴᠢ ᠲᠠᠷᠤᠭ᠎ᠠ ᠶᠠᠩ ᠬᠤᠩ ᠨᠢᠶᠠᠨ᠂ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠤᠷᠤᠯᠠᠭᠴᠢ ᠰᠢᠬᠦᠬᠦ ᠲᠠᠷᠤᠭ᠎ᠠ ᠽᠠᠢ ᠶᠦᠩ᠂ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠢᠴᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃ ᠵᠢᠶᠠ ᠵᠧᠨ ᠬᠤᠸᠠ ᠡᠮᠦᠨᠡᠳᠦ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠤᠨ ᠲᠤᠮᠳᠠ ᠤᠯᠤᠭᠰᠠᠨ ᠠᠮᠵᠢᠯᠳᠠ ᠪᠦᠳᠦᠮᠵᠢ ᠶᠢ ᠨᠤᠳᠠᠯᠠᠭᠰᠠᠨ ᠪᠦᠬᠡᠳ ᠬᠤᠶᠢᠰᠢᠳᠠ ᠲᠤᠬᠠᠶᠢᠯᠠᠭᠰᠠᠨ ᠠᠵᠢᠯ ᠲᠦᠷᠦᠯ᠂ ᠬᠦᠷᠢᠶ᠎ᠠ ᠬᠡᠪᠴᠢᠶᠡᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠴᠢᠯᠠᠬᠤ ᠶᠢ ᠱᠠᠭᠠᠷᠳᠠᠵᠠᠢ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ