ᠤᠷᠠᠳ ᠤᠨ ᠡᠮᠦᠨᠡᠳᠦ ᠬᠤᠰᠢᠭᠤᠨ ᠤ ᠵᠠᠬ᠎ᠠ ᠲᠡᠯᠬᠡᠬᠡᠷ ᠤᠨ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠪᠤᠳᠠᠳᠤ ᠠᠵᠢᠯᠯᠠᠭ᠎ᠠ ᠪᠠᠷ ᠪᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠦᠷ᠎ᠡ ᠪᠦᠳᠦᠮᠵᠢ ᠶᠢ ᠰᠢᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2021/9/15
      ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠬᠤᠰᠢᠭᠤᠨ  ᠤ ᠵᠠᠬ᠎ᠠ ᠲᠡᠯᠬᠡᠬᠡᠷ ᠤᠨ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ ᠬᠤᠰᠢᠭᠤᠨ ᠤ ᠨᠠᠮ ᠤᠨ ᠬᠤᠷᠢᠶ᠎ᠠ ᠵᠢᠴᠢ ᠰᠤᠶᠤᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠤᠨ ᠶᠠᠷᠤᠩᠭᠠᠢ ᠪᠠᠶᠢᠷᠢᠯᠠᠭᠤᠯᠤᠯᠳᠠ ᠶᠣᠰᠤᠭᠠᠷ ᠴᠢᠬᠤᠯᠠ ᠶᠠᠷᠢᠶ᠎ᠠ ᠤᠨ ᠵᠤᠷᠢᠭ ᠰᠠᠨᠠᠭ᠎ᠠ ᠲᠤᠳᠤᠭᠠᠳᠤ ᠠᠭᠤᠯᠬᠤᠨ ᠢ ᠰᠤᠷᠤᠯᠴᠠᠨ ᠡᠵᠡᠮᠰᠢᠵᠤ᠂ ᠠᠵᠢᠯ ᠤᠨ ᠠᠷᠭ᠎ᠠ ᠪᠠᠨ ᠲᠠᠰᠤᠷᠠᠯᠳᠠ ᠦᠬᠡᠢ ᠰᠢᠨᠡᠳᠬᠡᠵᠦ᠂ ᠪᠤᠳᠠᠳᠤ ᠪᠠᠶᠢᠳᠠᠯ ᠠᠴᠠ ᠡᠬᠦᠰᠦᠨ᠂ ᠤᠨᠤᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠠᠵᠢᠯ ᠤᠨ ᠴᠢᠳᠠᠪᠤᠷᠢ ᠪᠠᠨ ᠲᠡᠭᠡᠭᠰᠢᠯᠡᠬᠦᠯᠵᠦ᠂ ᠣᠯᠣᠰ ᠲᠦᠷᠦ ᠶᠢᠨ ᠬᠡᠪ ᠪᠤᠯᠪᠠᠰᠤᠷᠠᠯ ᠢᠶᠠᠨ ᠲᠡᠭᠡᠭᠰᠢᠯᠡᠬᠦᠯᠪᠠ᠃ ᠤᠯᠠᠨ ᠲᠦᠮᠡᠨ ᠳᠤ ᠪᠤᠳᠠᠳᠤ ᠶᠠᠪᠤᠳᠠᠯ ᠬᠢᠵᠦ ᠦᠭᠭᠦ ᠠᠵᠢᠯᠯᠠᠭ᠎ᠠ ᠶᠢ ᠬᠦᠨᠵᠡᠬᠡᠢ ᠦᠷᠨᠢᠬᠦᠯᠵᠦ ᠬᠦᠷᠳᠡᠮᠵᠢ ᠶᠢᠨ ᠰᠡᠳᠬᠢᠯᠬᠡ  ᠪᠠᠨ ᠲᠡᠭᠭᠰᠢᠯᠡᠬᠦᠯᠵᠦ᠂ ᠤᠨᠤᠯ ᠢᠶᠠᠷ ᠵᠢᠯᠤᠭᠤᠳᠤᠮᠵᠢ ᠪᠤᠯᠭᠠᠨ ᠰᠤᠶᠤᠯ ᠤᠨ ᠵᠠᠬ᠎ᠠ ᠲᠡᠯᠬᠡᠬᠦᠷ ᠤᠨ ᠠᠮᠤᠷ ᠲᠦᠪᠰᠢᠨ  ᠢ ᠬᠠᠮᠠᠭᠠᠪᠠ᠃ ᠰᠦᠯᠵᠢᠶᠠᠨ ᠪᠠᠭᠠᠷ᠂ KTV᠂ ᠠᠶᠤᠯ ᠶᠡᠬᠡᠳᠡᠢ ᠪᠡᠶ᠎ᠡ ᠶᠢᠨ ᠲᠠᠮᠢᠷ ᠤᠨ ᠲᠦᠷᠦᠯ ᠵᠦᠢᠯ᠂ ᠬᠡᠪᠯᠡᠯ  ᠤᠨ ᠦᠢᠯᠡᠳᠪᠦᠷᠢ ︵ᠲᠡᠯᠬᠡᠬᠡᠷ︶ ᠵᠡᠷᠭᠡ ᠡᠵᠡᠩᠨᠡᠯᠳᠡ ᠶᠢᠨ ᠲᠠᠯᠠᠪᠤᠷ ᠲᠤ ᠰᠠᠷ᠎ᠠ ᠪᠦᠷᠢ ᠭᠤᠷᠪᠠ ᠤᠳᠠᠭᠠᠨ ᠤ ᠪᠠᠶᠢᠴᠠᠭᠠᠯᠳᠠ ᠬᠢᠵᠦ᠂ ᠬᠠᠤᠯᠢ ᠲᠦᠷᠢᠮ ᠠᠴᠠ ᠵᠦᠷᠢᠴᠡᠭᠰᠡᠨ ᠠᠰᠠᠭᠤᠳᠠᠯ ᠢᠯᠡᠷᠡᠪᠡᠯ ᠴᠠᠭ ᠲᠤᠬᠠᠢ ᠳᠤᠨᠢ ᠵᠠᠯᠠᠷᠠᠭᠤᠯᠪᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ